4 ᠰᠠᠷ᠎ᠠ ᠶᠢᠨ 17 ᠤ ᠡᠳᠦᠷ᠂ ᠮᠠᠨ ᠤ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ 2025 ᠣᠨ ᠤ ᠠᠩᠬᠠᠳᠤᠭᠠᠷ | ᠤᠳᠠᠭᠠᠨ ᠤ ᠪᠥᠬᠦᠳᠡ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠬᠤᠲᠠ ᠭᠤᠤᠯᠳᠠᠯᠭ᠎ᠠ ᠲᠠᠢ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠤᠨ | ᠦᠢᠯᠡᠳᠪᠦᠷᠢᠯᠡᠯ ᠬᠡᠷᠡᠭᠯᠡᠯᠲᠡ ᠶᠢ ᠵᠢᠷᠤᠮᠵᠢᠭᠤᠯᠬᠤ᠂ ᠢᠳᠡᠭᠡᠨ ᠤ ᠭᠦᠢᠯᠭᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠱᠠᠯᠠᠪᠳᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ | ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠮᠠᠨ ᠤ ᠬᠤᠲᠠ ᠢᠳᠡᠭᠡᠨ ᠤ ᠠᠮᠤᠷ ᠲᠦᠪᠰᠢᠨ ᠤ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠲᠠᠸᠠᠷ ᠤᠨ ᠠᠮᠤ ᠪᠤᠳᠠᠭᠠᠨ ᠤ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠪᠠᠶᠢᠴᠠᠭᠠᠯᠲᠠ ᠶᠢ ᠥᠷᠨᠢᠭᠦᠯᠦᠨ᠎ᠡ︔ ᠢᠳᠡᠭᠡᠨ ᠤ | ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠠᠵᠢᠯ ᠤᠨ ᠶᠠᠪᠤᠴᠠ ᠶᠢ | ᠤᠯᠠᠮ ᠨᠢᠭᠡ ᠠᠯᠬᠤᠮ ᠵᠢᠷᠤᠮᠵᠢᠭᠤᠯᠤᠨ᠎ᠠ︔ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠠᠴᠠ | ᠬᠤᠭᠤᠯᠠᠨ ᠰᠢᠷᠡᠭᠡ ᠬᠦᠷᠲᠡᠯᠡᠬᠢ ᠪᠦᠬᠦ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ ᠥᠨᠳᠥᠷ ᠳᠠᠷᠤᠯᠲᠠᠲᠤ ᠴᠢᠩᠭ᠎ᠠ ᠴᠣᠬᠢᠯᠲᠠ ᠥᠭᠬᠦ ᠪᠠᠶᠢᠳᠠᠯ ᠢ | ᠦᠷᠭᠦᠯᠵᠢᠯᠡᠨ ᠪᠠᠲᠤᠯᠠᠵᠤ᠂ ︽ᠬᠡᠷᠡᠭᠯᠡᠭᠡ ᠶᠢ ᠰᠠᠬᠢᠨ ᠬᠠᠮᠠᠭᠠᠯᠠᠬᠤ︾ ᠲᠡᠮᠦᠷ ᠨᠢᠳᠤᠷᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠠᠳᠠᠭᠠᠳᠤ ᠠᠴᠠ | ᠣᠷᠣᠭᠤᠯᠬᠤ ᠢᠳᠡᠭᠡᠨ ᠤ ᠲᠦᠭᠰᠢᠭᠦᠷᠢ ᠶᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ︔ ᠢᠳᠡᠭᠡᠨ ᠤ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠭᠰᠢᠭᠦᠷᠢ ᠶᠢ ᠵᠠᠳᠠᠯᠤᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠪᠦᠷᠢᠨᠰᠢᠭᠦᠯᠦᠨ᠎ᠡ︔ ᠢᠳᠡᠭᠡᠨ ᠤ ᠠᠮᠤᠷ ᠲᠦᠪᠰᠢᠨ ᠢ ᠨᠡᠶᠢᠭᠡᠮ ᠤᠨ ᠬᠢᠨ ᠬᠠᠮᠲᠤ ᠪᠠᠷ ᠵᠠᠰᠠᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠢ ᠦᠷᠭᠦᠯᠵᠢᠯᠡᠨ ᠴᠢᠩᠭᠠᠳᠬᠠᠨ᠎ᠠ᠃ | |