ᠮᠠᠨ ᠤ ᠬᠤᠲᠠ ᠶᠢᠨ ᠵᠠᠮ ᠬᠠᠷᠢᠯᠴᠠᠭᠠᠨ ᠤ ᠲᠥᠷᠥᠯ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠠᠬᠢᠴᠠ ᠶᠢᠨ ᠵᠤᠷᠪᠤᠰ︾ ᠢ ᠲᠠᠰᠤᠷᠠᠯᠲᠠ ᠦᠭᠡᠢ ᠰᠢᠨᠡᠳᠬᠡᠪᠡ
ᠨᠡᠶᠢᠲᠡᠯᠡᠭᠰᠡᠨ ᠴᠠᠭ᠄
2025/4/23
      ᠣᠶᠢᠷ᠎ᠠ ᠳᠤ᠂ ᠤᠯᠤᠰ ᠤᠨ ᠵᠠᠮ ᠤᠨ 110 ᠱᠤᠭᠤᠮ ᠤᠨ ᠳ᠋ᠧᠩᠺᠸᠦ ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠰᠤᠪᠤᠷᠭᠠᠨ ᠡᠯᠭᠦᠭᠦᠷ ᠣᠢ ᠰᠢᠭᠤᠶ ᠪᠤᠰᠬᠠᠵᠤ᠂ ᠠᠵᠢᠯᠴᠢᠳ ᠲᠤᠯᠬᠤ ᠵᠢᠶᠠᠰᠠ ᠪᠤᠰᠬᠠᠬᠤ᠂ ᠪᠣᠯᠣᠳ ᠰᠢᠷᠪᠥᠰᠥ ᠶᠢ ᠤᠶᠠᠬᠤ ᠵᠡᠷᠭᠡ ᠠᠵᠢᠯ ᠢ ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠪᠠᠷ ᠬᠢᠵᠦ ᠪᠠᠶᠢᠯ᠎ᠠ᠃ ᠲᠥᠷᠥᠯ ᠵᠦᠢᠯ ᠤᠨ ᠲᠤᠬᠠᠶ ᠶᠢᠨ ᠭᠠᠵᠠᠷ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠵᠢᠱᠢᠯᠲᠡ ᠪᠠᠷ 5 ᠰᠠᠷ᠎ᠠ ᠶᠢᠨ ᠲᠣᠮᠣ ᠬᠥᠭᠦᠷᠭᠡ ᠪᠥᠬᠦ ᠲᠠᠯ᠎ᠠ ᠪᠠᠷ ᠳᠡᠭᠡᠷ᠎ᠡ ᠬᠡᠰᠡᠭ ᠤᠨ ᠪᠦᠲᠦᠴᠡ ᠶᠢᠨ ᠪᠠᠷᠢᠯᠭ᠎ᠠ ᠶᠢᠨ ᠱᠠᠲᠤᠨ ᠳᠤ ᠣᠷᠣᠬᠤ ᠪᠣᠯᠤᠨ᠎ᠠ᠃      ᠨᠡᠶᠢᠲᠡ 10.99 ᠳ᠋ᠦᠩᠰᠢᠭᠤᠷ ᠲᠥᠭᠦᠷᠢᠭ ᠤᠨ ᠤᠯᠤᠰ ᠤᠨ ᠵᠠᠮ ᠤᠨ 110 ᠱᠤᠭᠤᠮ ᠤᠨ ᠳ᠋ᠧᠩᠺᠸᠦ ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠵᠠᠰᠠᠮᠠᠯ ᠵᠠᠮ ᠤᠨ ᠢᠨᠵᠧᠨᠧᠷᠢᠩ ᠪᠣᠯ ︽ᠤᠯᠤᠰ ᠤᠨ ᠵᠠᠰᠠᠮᠠᠯ ᠵᠠᠮ ᠤᠨ ᠲᠣᠤᠷ ᠤᠨ ᠲᠥᠯᠥᠪᠵᠢᠭᠦᠯᠭᠡ ︵2013 ᠤᠨ - 2030 ᠣᠨ︶︾ ᠶᠢᠨ ᠡᠩ ᠤᠨ ᠤᠯᠤᠰ ᠤᠨ ᠵᠠᠮ ᠤᠨ G110 ᠱᠤᠭᠤᠮ ᠤᠨ ᠪᠡᠭᠡᠵᠢᠩ ᠠᠴᠠ ᠴᠢᠩ ᠲᠦᠩ ᠰᠢᠶᠠ ᠬᠦᠷᠬᠦ ᠵᠠᠰᠠᠮᠠᠯ ᠵᠠᠮ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ 2026 ᠣᠨ ᠤ ᠡᠴᠦᠰ ᠲᠤ ᠵᠢᠩᠬᠢᠨᠢ ᠪᠠᠷ ᠠᠵᠢᠯ ᠳᠠᠭᠤᠰᠬᠤ ᠶᠢᠨ ᠬᠠᠮᠲᠤ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠭᠦᠯᠬᠦ ᠪᠠᠷ ᠲᠥᠯᠥᠪᠯᠡᠵᠦ ᠪᠣᠶ᠃      ᠡᠨᠡ ᠵᠢᠯ᠂ ᠮᠠᠨ ᠤ ᠬᠤᠲᠠ ︽ᠵᠠᠮ ᠬᠠᠷᠢᠯᠴᠠᠭ᠎ᠠ ᠠᠵᠤ ᠦᠢᠯᠡᠰ ᠢ ᠳᠠᠭᠠᠬᠤ᠂ ᠵᠠᠮ ᠬᠠᠷᠢᠯᠴᠠᠭ᠎ᠠ ᠰᠠᠭᠤᠷᠢᠨ ᠭᠠᠵᠠᠷ ᠢ ᠬᠤᠪᠢᠷᠠᠭᠤᠯᠬᠤ᠂ ᠵᠠᠮ ᠬᠠᠷᠢᠯᠴᠠᠭ᠎ᠠ ᠠᠷᠠᠳ ᠤᠨ ᠠᠮᠢᠳᠤᠷᠠᠯ ᠤᠨ ᠵᠠᠰᠠᠯᠲᠠ︾ ᠶᠢᠨ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠪᠥᠬᠦ ᠬᠤᠲᠠ ᠶᠢᠨ ᠵᠠᠮ ᠲᠣᠤᠷ ᠢ ︽ᠲᠤᠯᠤᠭᠠᠨ ᠬᠥᠨᠳᠡᠯᠡᠨ ᠲᠠᠪᠤᠨ ᠭᠤᠯᠳᠤ︾ ᠪᠠᠶᠢᠭᠰᠠᠨ ᠠᠴᠠ ︽ᠠᠷᠪᠠᠨ ᠬᠤᠶᠠᠷ ᠬᠥᠨᠳᠡᠯᠡᠨ ᠶᠢᠰᠦᠨ ᠭᠤᠯᠳᠤ︾ ᠪᠣᠯᠭᠠᠨ ᠳᠡᠭᠡᠭᠰᠢᠯᠡᠭᠦᠯᠬᠦ ᠪᠠᠷ ᠲᠥᠯᠥᠪᠯᠡᠵᠦ᠂ ᠵᠠᠮ ᠬᠠᠷᠢᠯᠴᠠᠭᠠᠨ ᠤ ᠲᠥᠷᠥᠯ ᠤᠨ ᠴᠢᠬᠤᠯᠠ ᠶᠡᠭᠡ ᠲᠥᠷᠥᠯ ᠵᠦᠢᠯ ᠢ 31 ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 1350.8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠵᠠᠮ ᠲᠡᠭᠡᠭᠡᠪᠦᠷᠢ ᠶᠢᠨ ᠪᠠᠯᠠ ᠣᠷᠣᠭᠤᠯᠤᠯᠲᠠ ᠶᠢ 50 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠲᠥᠯᠥᠪᠯᠡᠵᠦ᠂ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠵᠠᠮ ᠤᠨ ᠲᠣᠤᠷ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠣᠲᠣ ᠦᠶ᠎ᠡ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠣᠲᠣ ᠪᠣᠯᠲᠠᠯ᠎ᠠ᠂ G0616 ᠭᠠᠭᠴᠠᠮᠤᠳᠤ ᠠᠴᠠ ᠬᠠᠯᠢᠭᠤᠲᠤ ᠶᠢᠨ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠤᠰᠠᠯᠠᠬᠤ ᠵᠠᠮ ᠤᠨ ᠢᠨᠵᠧᠨᠧᠷᠢᠩ᠂ ᠤᠯᠤᠰ ᠤᠨ ᠵᠠᠮ ᠤᠨ 110 ᠱᠤᠭᠤᠮ ᠤᠨ ᠵᠡᠭᠡᠷᠡᠲᠦ ᠮᠣᠳᠣ ᠠᠴᠠ ᠳ᠋ᠧᠩᠺᠸᠦ ᠬᠦᠷᠬᠦ ᠬᠡᠰᠡᠭ᠂ ᠤᠯᠤᠰ ᠤᠨ ᠵᠠᠮ ᠤᠨ 110 ᠱᠤᠭᠤᠮ ᠤᠨ ᠳ᠋ᠧᠩᠺᠸᠦ ᠠᠴᠠ ᠳ᠋ᠧᠩᠺᠸᠦ ᠬᠦᠷᠬᠦ ᠬᠡᠰᠡᠭ᠂ ᠤᠯᠤᠰ ᠤᠨ ᠵᠠᠮ ᠤᠨ 110 ᠱᠤᠭᠤᠮ ᠤᠨ ᠳ᠋ᠧᠩᠺᠸᠦ ᠠᠴᠠ ᠬᠠᠶᠢᠯᠠᠷ ᠤᠨ ᠶᠡᠭᠡ ᠬᠥᠭᠦᠷᠭᠡ ᠬᠦᠷᠲᠡᠯᠡᠬᠢ 3 ᠲᠥᠷᠥᠯ ᠵᠦᠢᠯ ᠢ ᠶᠠᠭ ᠰᠠᠶᠢᠬᠠᠨ ᠱᠠᠯᠠᠪᠳᠠᠨ ᠪᠠᠶᠢᠭᠤᠯᠵᠤ ᠪᠠᠶᠢᠨ᠎ᠠ︔ G0616 ᠮᠤᠨᠠ ᠠᠭᠤᠯᠠ ᠠᠴᠠ ᠬᠠᠯᠢᠭᠤᠲᠤ ᠬᠦᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠂ G242 ᠯᠢᠨ ᠾᠧ ᠠᠴᠠ ᠬᠠᠯᠢᠭᠤᠲᠤ ᠬᠦᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠂ G628 ᠬᠠᠷ᠎ᠠ ᠯᠢᠦ ᠽᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠯᠢᠦ ᠭᠤᠸᠠᠢ ᠱᠠ ᠳᠧᠦ ᠬᠡᠰᠡᠭ ᠤᠨ ᠵᠠᠰᠠᠮᠠᠯ ᠵᠠᠮ᠂ G110 ᠬᠠ ᠶᠧ ᠭᠤᠳᠤᠮᠵᠢ ᠠᠴᠠ ᠲᠢᠶᠠᠨ ᠵᠢᠢ ᠲᠠᠢ ᠬᠦᠷᠬᠦ ᠬᠡᠰᠡᠭ᠂ ᠤᠯᠠᠭᠠᠨᠰᠤᠬᠠᠢ ᠨᠠᠭᠤᠷ ᠢ ᠲᠣᠭᠤᠷᠢᠭᠰᠠᠨ ᠵᠠᠮ ᠵᠡᠷᠭᠡ 17 ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠤᠯᠪᠣᠭᠳᠠᠯ ᠪᠦᠬᠦᠢ ᠭᠠᠷᠳᠠᠮ ᠢ ᠱᠠᠯᠠᠪᠳᠠᠨ ᠭᠦᠢᠴᠡᠳᠬᠡᠵᠦ ᠪᠠᠶᠢᠨ᠎ᠠ᠃      ᠡᠨᠡ ᠵᠢᠯ᠂ ᠮᠠᠨ ᠤ ᠬᠤᠲᠠ ᠪᠠᠰᠠ ᠪᠠᠶᠠᠨᠨᠠᠭᠤᠷ ᠠᠴᠠ ᠬᠠᠭᠤᠷᠠᠢ ᠬᠦᠷᠬᠦ ᠲᠡᠮᠦᠷ ᠵᠠᠮ᠂ ᠤᠷᠠᠳ ᠤᠨ ᠡᠮᠦᠨᠡᠲᠦ ᠬᠤᠰᠢᠭᠤ ᠪᠣᠯᠤᠨ ᠤᠷᠠᠳ ᠤᠨ ᠬᠤᠶᠢᠲᠤ ᠬᠤᠰᠢᠭᠤᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ᠂ ᠮᠤᠵᠢ ᠶᠢᠨ ᠵᠠᠮ 213 ᠱᠠᠮᠪᠡ ᠠᠴᠠ ᠬᠥᠬᠡ ᠮᠣᠳᠣ ᠬᠥᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ 6 ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠴᠢᠷᠮᠠᠶᠢᠨ ᠣᠯᠵᠤ᠂ ᠤᠯᠤᠰ ᠤᠨ ᠵᠠᠮ ᠤᠨ 331 ᠦᠵᠦᠬᠦᠷ ᠠᠴᠠ ᠪᠠᠶᠠᠨᠪᠤᠯᠠᠭ ᠬᠥᠷᠬᠦ ᠬᠡᠰᠡᠭ᠂ ᠤᠯᠤᠰ ᠤᠨ ᠵᠠᠮ ᠤᠨ 335 ᠬᠦᠨᠬᠤᠳᠳᠤᠭ ᠠᠴᠠ ᠪᠠᠶᠠᠨᠪᠤᠯᠠᠭ ᠬᠥᠷᠬᠦ ᠬᠡᠰᠡᠭ ᠵᠡᠷᠭᠡ 5 ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠵᠤ᠂ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠵᠤ ᠠᠬᠤᠶ᠂ ᠪᠠᠭᠲᠠᠭᠠᠮᠵᠢᠲᠠᠶ᠂ ᠤᠶᠠᠨ ᠬᠠᠳᠠᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠵᠠᠮ ᠲᠡᠭᠡᠭᠡᠪᠦᠷᠢ ᠶᠢᠨ ᠪᠠᠲᠤᠯᠠᠭ᠎ᠠ ᠬᠠᠩᠭᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ