ᠡᠨᠡ ᠵᠢᠯ᠂ ᠮᠠᠨ ᠤ ᠬᠤᠲᠠ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠣᠯᠤᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠳᠣᠲᠣᠭᠠᠳᠤ | ᠬᠥᠳᠡᠯᠭᠡᠬᠦ ᠬᠦᠴᠦᠨ ᠪᠣᠯᠤᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠮᠠᠯᠵᠢᠬᠤ ᠲᠠᠷᠢᠶᠠᠯᠠᠬᠤ | ᠣᠷᠣᠨ ᠤ ᠬᠥᠮᠦᠨ ᠠᠮᠠ ᠶᠢ ᠬᠠᠮᠤᠷᠤᠭᠰᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠪᠠᠶᠢᠩᠭᠤᠵᠢᠭᠤᠯᠤᠨ ᠰᠡᠷᠭᠡᠶᠢᠯᠡᠬᠦ ᠪᠠᠶᠢᠩᠭᠤᠵᠢᠭᠰᠠᠨ ᠲᠣᠭᠲᠠᠴᠠ ᠶᠢ | ᠲᠡᠭᠦᠯᠳᠡᠷᠵᠢᠭᠦᠯᠵᠦ᠂ ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ᠂ ᠲᠡᠳᠬᠦᠪᠡᠰᠦ ᠵᠣᠬᠢᠬᠤ ᠶᠢ ᠨᠢ ᠪᠦᠬᠦᠨ ᠢ ᠲᠡᠳᠬᠦᠬᠦ᠂ ᠬᠥᠳᠡᠯᠦᠩᠭᠦᠶ ᠪᠠᠷ | ᠦᠭᠡᠶᠢᠰᠬᠡᠬᠦ ᠶᠢ ᠪᠡᠶᠡᠯᠡᠭᠦᠯᠵᠦ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠳᠡᠭᠡᠭᠰᠢᠯᠡᠭᠦᠯᠵᠦ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠤ | ᠦᠢᠯᠡᠰ ᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠵᠣᠯᠭᠠᠭᠤᠯᠬᠤ ᠪᠡᠯᠡ | ᠮᠥᠩᠭᠦ ᠶᠢᠨ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠪᠣᠯᠤᠨ ᠬᠢᠨᠠᠨ ᠬᠡᠮᠵᠢᠬᠦ ᠡᠲᠡᠭᠡᠳ ᠤᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︽ᠳᠥᠷᠪᠡᠨ ᠨᠢᠭᠡ ᠪᠦᠯᠦᠭ︾ | ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ 39.96 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠡᠳ᠋ ᠬᠥᠷᠥᠩᠭᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠮᠢᠩᠭᠠᠨ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠂ ᠬᠥᠳᠡᠭᠡ ᠲᠣᠰᠬᠤᠨ ᠤ | ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠭᠤᠷᠢ ᠪᠡᠯᠡᠳᠬᠡᠮᠵᠢ ᠶᠢ ᠬᠥᠳᠡᠭᠡ ᠲᠣᠰᠬᠤᠨ ᠳᠠᠰᠢ ᠤᠷᠲᠤᠳᠬᠠᠬᠤ ᠶᠢ | ᠠᠬᠢᠭᠤᠯᠤᠨ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠡᠷᠭᠡ ᠨᠡᠪᠲᠡᠷᠡᠭᠦᠯᠬᠦ᠂ ᠰᠦᠯᠵᠢᠶᠡᠨ ᠳᠤ ᠨᠡᠪᠲᠡᠷᠡᠭᠦᠯᠬᠦ ᠵᠡᠷᠭᠡ ᠲᠦᠭᠡᠮᠡᠯ ᠠᠰᠢᠭ ᠬᠦᠷᠲᠡᠭᠡᠬᠦ ᠶᠠᠪᠤᠳᠠᠯ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠨᠢᠭᠡ ᠶᠢ ᠬᠢᠪᠡᠯ ᠨᠢᠭᠡ ᠶᠢ ᠪᠦᠲᠦᠭᠡᠨ᠎ᠡ᠃ ᠰᠢᠶᠠᠨ ᠤ ᠬᠡᠪᠴᠢᠶᠡᠨ ᠳᠠᠬᠢ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ᠂ ᠨᠡᠶᠢᠭᠡᠮ ᠤᠨ ᠪᠠᠲᠤᠯᠠᠭ᠎ᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠭᠤᠤᠯᠳᠠᠯᠭ᠎ᠠ ᠶᠢ ᠳᠣᠷᠣᠭᠰᠢ | ᠰᠢᠯᠵᠢᠭᠦᠯᠬᠦ ᠶᠢ ᠠᠬᠢᠭᠤᠯᠵᠤ᠂ ᠮᠠᠨ ᠤ ᠬᠤᠲᠠ ᠶᠢᠨ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠷᠢᠨ ᠲᠥᠬᠦᠷ ᠬᠡᠮᠵᠢᠶ᠎ᠡ᠂ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠪᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠲᠥᠷᠥᠯ ᠵᠦᠢᠯ ᠢ ᠢᠳᠡᠪᠬᠢᠲᠡᠶ ᠪᠠᠷ ᠴᠢᠷᠮᠠᠶᠢᠨ ᠣᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠬᠡᠰᠡᠭ ᠣᠷᠣᠨ ᠪᠠ ᠵᠢᠱᠢᠶ᠎ᠡ | ᠦᠵᠡᠭᠦᠯᠬᠦ ᠪᠦᠰᠡ ᠶᠢ ᠪᠦᠲᠦᠭᠡᠨ ᠪᠠᠶᠢᠭᠤᠯᠤᠨ᠎ᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ | ᠦᠷᠭᠦᠯᠵᠢᠯᠡᠨ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135 | ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠣᠭᠤᠭᠠᠷᠠᠭᠤᠯᠵᠤ ᠭᠤᠶᠤᠵᠢᠭᠤᠯᠬᠤ 53 ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠵᠤ᠂ ᠲᠣᠰᠬᠤᠨ ᠤ | ᠳᠦᠷᠰᠦ ᠪᠠᠶᠢᠳᠠᠯ ᠢ ᠯᠠᠪᠳᠠᠭᠤᠨ ᠪᠠᠲᠤᠲᠠᠢ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ᠂ | 2465 ᠠᠷᠢᠭᠤᠨ ᠴᠡᠪᠡᠷ ᠡᠷᠦᠬᠡ ᠶᠢᠨ ᠵᠣᠷᠯᠣᠩ ᠢ ᠪᠠᠶᠢᠭᠤᠯᠬᠤ ᠪᠠᠷ ᠲᠥᠯᠥᠪᠯᠡᠵᠦ᠂ ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠶᠢ ᠵᠡᠷᠭᠡ ᠪᠠᠷ | ᠰᠠᠶᠢᠲᠤᠷ ᠠᠳᠬᠤᠨ᠎ᠠ᠃ | ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠭᠦᠨᠵᠡᠭᠡᠶ ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠴᠠᠭ | ᠦᠶ᠎ᠡ ᠶᠢᠨ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ︽ᠡᠷᠳᠡᠮ ᠮᠥᠷᠦ᠋ᠢᠴᠡᠬᠦ ᠣᠳᠣᠨ ᠪᠣᠯᠬᠤ ᠪᠠᠷ ᠴᠢᠷᠮᠠᠶᠢᠬᠤ︾ ᠶᠢ ᠪᠥᠬᠦ ᠲᠠᠯ᠎ᠠ ᠪᠠᠷ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠬᠤᠪᠢ | ᠬᠤᠷᠠᠮᠳᠤᠭᠤᠯᠬᠤ ᠳᠦᠷᠢᠮ᠂ ᠨᠠᠷᠢᠨ ᠳᠠᠩᠰᠠ ᠶᠢᠨ ᠳᠦᠷᠢᠮ᠂ ᠲᠣᠭᠠᠴᠢᠯᠲᠠ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠡᠷᠭᠡ ᠪᠣᠳᠠᠲᠠᠢ ᠶᠢ | ᠡᠷᠬᠢᠮᠯᠡᠭᠰᠡᠨ ᠪᠦᠲᠦᠮᠵᠢᠲᠡᠢ ᠵᠠᠰᠠᠬᠤ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠳᠤᠭᠤᠶᠢᠯᠠᠩ ᠤᠨ ︽ᠲᠠᠪᠤᠨ ᠬᠥᠮᠥᠨ ᠤ ᠠᠵᠢᠯ ᠤᠨ | ᠠᠷᠭ᠎ᠠ︾᠂ ︽ᠠᠬᠠᠮᠠᠳ ᠨᠠᠮ ᠤᠨ ᠡᠭᠦᠷ ᠤᠨ ᠱᠦᠵᠢ ᠶᠢᠨ ᠡᠶᠡᠳᠡᠭᠦᠯᠬᠦ ᠳᠤᠭᠤᠶᠢᠯᠠᠩ︾᠂ ︽ᠪᠢᠴᠢᠯ ᠵᠠᠰᠠᠯᠲᠠ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ | ᠠᠴᠢᠶᠠᠯᠠᠪᠤᠷᠢ ᠶᠢᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠮᠠᠯᠴᠢᠨ ᠲᠠᠷᠢᠶᠠᠴᠢᠨ ᠲᠦᠮᠡᠨ ᠢ ᠭᠡᠷ ᠤᠨ ᠡᠭᠦᠳᠡᠨ ᠳᠤᠨᠢ ︽ᠬᠥᠮᠥᠨ ᠡᠷᠢᠵᠦ᠂ ᠦᠭᠡ ᠬᠡᠯᠡᠵᠦ᠂ | ᠤᠴᠢᠷ ᠶᠠᠪᠤᠳᠠᠯ ᠢ ᠪᠦᠲᠦᠭᠡᠬᠦ︾ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠡᠩ ᠴᠡᠴᠡᠭᠯᠡᠨ ᠬᠥᠭᠵᠢᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠤ | ᠠᠮᠢᠳᠤᠷᠠᠯ ᠢ ᠨᠡᠩ ᠬᠦᠷ ᠬᠥᠭᠵᠢᠶᠡᠨ ᠲᠠᠢ ᠪᠣᠯᠭᠠᠵᠤ᠂ ᠬᠥᠳᠡᠭᠡ ᠲᠣᠰᠬᠤᠨ ᠳᠤ ᠪᠣᠯᠪᠠᠰᠤᠨ ᠰᠢᠨ᠎ᠡ ᠳᠦᠷᠰᠦ ᠪᠠᠶᠢᠳᠠᠯ ᠲᠠᠢ ᠪᠣᠯᠭᠠᠨ᠎ᠠ᠃ | |