4 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ | ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠬᠤ ᠶᠢᠨ ᠬᠠᠮᠲᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠾᠧ ᠸᠧᠢ ᠬᠤᠸᠠ ᠤᠯᠠᠨ ᠲᠦᠮᠡᠨ ᠤ ᠪᠤᠴᠠᠵᠤ ᠨᠡᠭᠦᠯᠭᠡᠵᠦ ᠲᠥᠪᠬᠢᠨᠡᠭᠦᠯᠬᠦ᠂ ᠠᠳᠠᠯ ᠠᠬᠤᠢ ᠶᠢᠨ | ᠦᠢᠯᠡᠴᠢᠯᠡᠭᠡ ᠵᠡᠷᠭᠡ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠤᠴᠢᠷ ᠶᠠᠪᠤᠳᠠᠯ ᠤᠨ ᠤᠴᠢᠷ ᠰᠢᠯᠲᠠᠭᠠᠨ ᠢ ᠨᠠᠷᠢᠨ ᠣᠶᠢᠯᠠᠭᠠᠵᠤ᠂ | ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠲᠥᠰᠦᠯ ᠢ ᠰᠤᠳᠤᠯᠵᠠᠢ | ᠃ ᠲᠡᠷᠡ᠂ ᠤᠯᠠᠨ ᠲᠦᠮᠡᠨ ᠵᠠᠬᠢᠳᠠᠯ ᠰᠤᠷᠪᠤᠯᠵᠢᠯᠠᠭ᠎ᠠ ᠪᠠᠷ ᠳᠠᠮᠵᠢᠭᠤᠯᠤᠨ ᠠᠰᠠᠭᠤᠳᠠᠯ ᠢ ᠲᠤᠰᠬᠠᠵᠤ᠂ ᠬᠦᠰᠡᠯ ᠱᠠᠭᠠᠷᠳᠠᠯᠭ᠎ᠠ ᠪᠠᠨ ᠢᠯᠡᠳᠬᠡᠬᠦ ᠪᠣᠯ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠤ ᠢᠲᠡᠭᠡᠯ ᠮᠥᠨ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ | ᠨᠠᠷᠢᠨ ᠬᠢᠨᠠᠮᠠᠭᠠᠢ ᠪᠠᠶᠢᠴᠠᠭᠠᠨ ᠬᠠᠷᠭᠤᠭᠤᠯᠵᠤ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠲᠦᠷᠭᠡᠨ ᠰᠢᠢᠳᠪᠦᠷᠢᠯᠡᠵᠦ᠂ ᠤᠯᠠᠨ ᠲᠦᠮᠡᠨ ᠤ ᠲᠤᠰᠬᠠᠭᠰᠠᠨ | ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ᠃ | ᠳᠠᠷᠠᠭ᠎ᠠ ᠨᠢ᠂ ᠾᠧ ᠸᠧᠢ ᠬᠤᠸᠠ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠲᠡᠷᠡ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ︽ᠰᠢᠯᠭᠠᠭᠤᠷ︾ ᠮᠥᠨ᠂ ᠰᠢᠨ᠎ᠡ ᠴᠠᠭ ᠦᠶ᠎ᠡ ᠶᠢᠨ ᠨᠠᠮ ᠤᠨ | ᠤᠯᠠᠨ ᠲᠦᠮᠡᠨᠴᠢ ᠱᠤᠭᠤᠮ ᠢ ᠰᠠᠶᠢᠲᠤᠷ ᠦᠢᠯᠡᠳᠦᠯᠭᠡᠵᠢᠭᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ | ᠪᠠᠴᠢᠮ ᠬᠦᠴᠢᠷ ᠵᠣᠪᠠᠭᠤᠷᠢ ᠶᠢ ᠰᠢᠢᠳᠪᠦᠷᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠡᠶ᠎ᠡ ᠵᠣᠬᠢᠴᠠᠩᠭᠤᠢ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠲᠣᠪᠤᠶᠢᠮ᠎ᠠ ᠰᠠᠶᠢᠲᠤᠷ | ᠠᠳᠬᠤᠵᠤ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠠᠳᠬᠤᠵᠤ᠂ ᠡᠯ᠎ᠡ ᠲᠥᠷᠥᠯ ᠤᠨ | ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠶ᠃ ᠠᠵᠢᠯ ᠤᠨ ᠠᠷᠭ᠎ᠠ ᠮᠠᠶ᠋ᠢᠭ ᠢᠶᠠᠨ | ᠰᠠᠶᠢᠵᠢᠷᠠᠭᠤᠯᠵᠤ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠤᠨ ᠬᠠᠨᠳᠤᠰᠢ ᠶᠢᠨ ᠭᠦᠨᠵᠡᠭᠡᠶ ᠵᠠᠳᠠᠯᠤᠯᠲᠠ ᠶᠢ ᠴᠢᠬᠤᠯᠠᠴᠢᠯᠠᠵᠤ᠂ ᠬᠦᠨᠳᠦ ᠬᠥᠩᠭᠡᠨ᠂ ᠠᠯᠭᠤᠷ ᠪᠠᠴᠢᠮ ᠢ | ᠲᠣᠳᠣᠷᠬᠠᠶ ᠢᠯᠭᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠳᠣᠪᠤᠶᠢᠯᠭᠠᠨ᠂ ᠬᠠᠨᠳᠤᠯᠭᠠᠲᠤ ᠴᠢᠨᠠᠷᠲᠠᠶ ᠪᠠᠷ ᠠᠵᠢᠯ ᠢᠶᠠᠨ ᠥᠷᠨᠢᠭᠦᠯᠵᠦ᠂ ᠳᠣᠲᠣᠷ᠎ᠠ ᠪᠠᠨ | ᠲᠤᠭ᠎ᠠ ᠲᠠᠢ᠂ ᠳᠣᠲᠣᠷ᠎ᠠ ᠪᠠᠨ ᠲᠤᠭ᠎ᠠ ᠲᠠᠢ᠂ ᠠᠷᠭ᠎ᠠ ᠬᠡᠮᠵᠢᠶ᠎ᠡ ᠲᠠᠢ ᠪᠠᠶᠢᠵᠤ᠂ ᠶᠡᠷᠦᠩᠬᠡᠶ ᠬᠡᠮᠵᠢᠶ᠎ᠡ ᠶᠢ ᠪᠠᠭᠤᠷᠠᠭᠤᠯᠵᠤ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠬᠤ | ᠬᠡᠷᠡᠭᠲᠡᠶ᠃ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠭᠦᠨᠵᠡᠭᠡᠶ ᠲᠤᠤᠱᠯᠠᠭᠤᠯᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ | ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠶᠢᠨ ᠰᠤᠷᠪᠤᠯᠵᠢᠯᠠᠭ᠎ᠠ ᠶᠢ ᠭᠥᠯᠢᠶᠡᠨ ᠠᠪᠴᠤ | ᠰᠢᠢᠳᠪᠦᠷᠢᠯᠡᠬᠦ ᠲᠦᠷᠢᠮ ᠢ ᠭᠦᠨᠵᠡᠭᠡᠶᠢᠷᠡᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ | ᠬᠦᠰᠡᠯ ᠱᠠᠭᠠᠷᠳᠠᠯᠭ᠎ᠠ ᠨᠢᠭᠡᠪᠦᠷᠢ ᠶᠢ ᠴᠥᠮ ᠰᠢᠢᠳᠪᠦᠷᠢᠯᠡᠬᠦ ᠬᠥᠮᠦᠨ ᠲᠠᠢ᠂ ᠬᠠᠤᠯᠢ ᠶᠣᠰᠣᠭᠠᠷ ᠠᠬᠢᠭᠤᠯᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠾᠧ ᠸᠧᠢ ᠬᠤᠸᠠ᠂ ᠪᠦᠬᠦ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠰᠢᠰᠲ᠋ᠧᠮ ᠤᠨ ᠬᠢᠨ ᠤᠳᠤᠷᠢᠳᠬᠤ ᠪᠠᠭ ᠤᠨ ᠪᠠᠶᠢᠭᠤᠯᠤᠯᠲᠠ ᠶᠢ | ᠴᠢᠩᠭᠠᠳᠬᠠᠬᠤ ᠶᠢ ᠴᠢᠬᠤᠯᠠᠴᠢᠯᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠤᠱᠯᠠᠭᠤᠯᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠡᠭᠡᠭᠰᠢᠯᠡᠭᠦᠯᠵᠦ᠂ ᠴᠢᠩᠭ᠎ᠠ ᠪᠣᠳᠠᠲᠠᠢ | ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ | ᠢᠯᠡᠷᠡᠭᠦᠯᠬᠦ ᠬᠡᠷᠡᠭᠲᠡᠢ᠃ | ᠬᠤᠳᠠ ᠶᠢᠨ ᠤᠳᠤᠷᠢᠳᠤᠯᠭ᠎ᠠ ᠶᠢᠨ ᠵᠤᠤ ᠫᠢᠩ ᠣᠷᠣᠯᠴᠠᠪᠠ᠃ | |