ᠮᠠᠨ ᠤ ᠬᠤᠲᠠ ᠭᠤᠤᠯᠳᠠᠯᠭ᠎ᠠ ᠲᠠᠢ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠤᠨ ᠠᠵᠢᠯ ᠣᠯᠭᠤᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/23
      ᠡᠨᠡ ᠵᠢᠯ ᠠᠴᠠ ᠨᠠᠰᠢ᠂ ᠮᠠᠨ ᠤ ᠬᠤᠲᠠ ᠠᠵᠢᠯ ᠣᠯᠭᠤᠯᠲᠠ ᠶᠢᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠶᠡᠭᠡ ᠲᠥᠷᠥᠯ ᠵᠦᠢᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠬᠦ ᠠᠵᠢᠯ ᠢ ᠶᠡᠬᠡᠪᠡᠷ ᠠᠬᠢᠭᠤᠯᠵᠤ᠂ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠤᠯᠠᠮ ᠨᠢᠭᠡ ᠠᠯᠬᠤᠮ ᠠᠬᠢᠭᠤᠯᠪᠠ᠃      ︽ᠠᠵᠤ ᠦᠢᠯᠡᠰ ᠤᠨ ᠲᠥᠷᠥᠯ ᠵᠦᠢᠯ︾᠂ ᠣᠯᠠᠨ ᠬᠦᠷᠢᠶᠡᠨ ᠳᠤ ᠠᠵᠢᠯ ᠤᠨ ᠪᠠᠢᠷᠢ ᠬᠠᠩᠭᠠᠬᠤ᠃ ︽ᠪᠠᠶᠠᠨᠨᠠᠭᠤᠷ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ 6 ᠲᠠᠯ᠎ᠠ ᠶᠢᠨ 24 ᠵᠦᠢᠯ ᠤᠨ ᠪᠣᠳᠠᠲᠠᠶ ᠡᠭᠦᠷᠭᠡ ᠶᠢ ᠨᠡᠶᠢᠲᠡᠯᠡᠨ ᠬᠡᠷᠡᠭᠵᠢᠭᠦᠯᠵᠦ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠬᠠᠮᠵᠢᠯᠴᠠᠬᠤ ᠴᠢᠨᠠᠷ ᠢ ᠨᠡᠮᠡᠭᠳᠡᠭᠦᠯᠬᠦ᠂ ᠬᠤᠶᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠬᠤᠪᠢ ᠶᠢᠨ ᠵᠢᠩ ᠢ ᠳᠡᠭᠡᠭᠰᠢᠯᠡᠭᠦᠯᠬᠦ᠂ ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠬᠡᠪᠴᠢᠶ᠎ᠡ ᠶᠢ ᠥᠷᠭᠡᠳᠬᠡᠬᠦ ᠵᠡᠷᠭᠡ ᠳᠤ ᠪᠣᠳᠠᠲᠠᠶ ᠠᠵᠢᠯ ᠤᠨ ᠪᠠᠶᠢᠷᠢᠯᠠᠭᠤᠯᠤᠯᠲᠠ ᠳᠤᠷᠠᠳᠪᠠ᠃ ᠡᠯ᠎ᠡ ᠰᠠᠯᠠᠭ᠎ᠠ ᠮᠥᠴᠢᠷ ᠴᠦ ᠴᠢᠬᠤᠯᠠ ᠶᠡᠭᠡ ᠪᠡᠯᠡ ᠣᠷᠣᠭᠤᠯᠤᠯᠲᠠ᠂ ᠭᠤᠣᠯᠳᠠᠯᠭ᠎ᠠ ᠲᠠᠢ ᠬᠦᠷᠢᠶ᠎ᠡ᠂ ᠠᠵᠤ ᠦᠢᠯᠡᠰ ᠤᠨ ᠪᠦᠳᠦᠭᠡᠨ ᠪᠠᠶᠢᠭᠤᠯᠤᠯᠲᠠ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠲᠦᠷᠦᠯ ᠵᠦᠢᠯ ᠤᠨ ᠮᠡᠳᠡᠭᠡ ᠵᠠᠩᠭᠢ ᠲᠠᠢ ᠤᠶᠠᠯᠳᠤᠭᠤᠯᠵᠤ ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠬᠤ ᠲᠣᠭᠲᠠᠴᠠ ᠶᠢ ᠪᠠᠶᠢᠭᠤᠯᠪᠠ᠃      ︽ᠬᠥᠨᠳᠡᠯᠡᠨ ᠢᠶᠠᠷ ᠭᠤᠯᠳᠤ ᠴᠢᠭᠯᠡᠯᠲᠦ︾᠂ ᠣᠯᠠᠨ ᠠᠷᠭ᠎ᠠ ᠵᠠᠮ ᠢᠶᠠᠷ ᠠᠵᠢᠯ ᠤᠨ ᠪᠠᠶᠢᠷᠢ ᠴᠤᠭᠯᠠᠭᠤᠯᠤᠨ᠎ᠠ᠃ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠰᠣᠶᠣᠯ ᠵᠢᠭᠤᠯᠴᠢᠯᠠᠯ ᠵᠡᠷᠭᠡ ᠣᠯᠠᠨ ᠰᠠᠯᠠᠭ᠎ᠠ ᠮᠥᠴᠢᠷ ᠤᠳ ᠲᠣᠰ ᠲᠣᠰ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠶᠡᠭᠡ ᠲᠥᠷᠥᠯ ᠵᠦᠢᠯ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠴᠡᠭ ᠢ ᠪᠠᠶᠢᠭᠤᠯᠤᠨ᠎ᠠ᠃ ᠬᠤᠲᠠ᠂ ᠬᠤᠰᠢᠭᠤ ᠰᠢᠶᠠᠨ ᠲᠣᠭᠤᠷᠢᠭ ᠢ ᠭᠤᠯᠳᠤ ᠴᠢᠭᠯᠡᠯ ᠢᠶᠠᠷ ᠲᠤᠤᠱᠯᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠶᠡᠭᠡ ᠲᠥᠷᠥᠯ ᠵᠦᠢᠯ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠵᠡᠷᠭᠡᠪᠡᠷ ᠨᠡᠶᠢᠲᠡᠯᠡᠵᠦ᠂ ᠬᠤᠲᠠ᠂ ᠬᠤᠰᠢᠭᠤ ᠰᠢᠶᠠᠨ ᠲᠣᠭᠤᠷᠢᠭ ᠨᠢ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠸᠢᠴᠠᠲ ᠤᠨ ᠲᠠᠪᠴᠠᠩ ᠢᠶᠠᠷ ᠳᠠᠮᠵᠢᠭᠤᠯᠤᠨ ᠠᠵᠢᠯ ᠤᠨ ᠪᠠᠶᠢᠷᠢ ᠶᠢᠨ ᠪᠠᠶᠢᠳᠠᠯ ᠢ ᠣᠯᠠᠨ ᠤᠳᠠᠭ᠎ᠠ ᠨᠡᠶᠢᠲᠡᠯᠡᠵᠦ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠭᠠᠳᠠᠭᠰᠢ ᠣᠷᠣᠭᠤᠯᠬᠤ᠂ ᠳᠣᠤᠷ᠎ᠠ ᠠᠴᠠ ᠳᠡᠭᠡᠭᠰᠢ ᠨᠡᠶᠢᠲᠡᠯᠡᠬᠦ ᠲᠣᠭᠲᠠᠴᠠ ᠶᠢ ᠪᠡᠶᠡᠯᠡᠭᠦᠯᠦᠨ᠎ᠡ᠃      ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠣᠯᠠᠨ ᠬᠡᠯᠪᠡᠷᠢ ᠪᠠᠷ ᠠᠵᠢᠯ ᠤᠨ ᠪᠠᠶᠢᠷᠢ ᠪᠠᠨ ᠲᠠᠨᠢᠯᠴᠠᠭᠤᠯᠪᠠ᠃ ︽ᠪᠣᠷᠣᠲᠣᠬᠤᠶ ᠶᠢᠨ ᠰᠢᠯᠢᠳᠡᠭ ᠠᠵᠢᠯ ᠤᠨ ᠪᠠᠶᠢᠷᠢ︾ ᠶᠢᠨ ᠠᠵᠢᠯ ᠤᠨ ᠪᠠᠶᠢᠷᠢ ᠶᠢᠨ ᠨᠡᠶᠢᠲᠡᠯᠡᠬᠦ ᠲᠠᠪᠴᠠᠩ ᠢ ᠪᠣᠶ ᠪᠣᠯᠭᠠᠵᠤ᠂ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠬᠤᠲᠠ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠠᠯᠬᠤᠮ ᠠᠯᠬᠤᠮ ᠢᠶᠠᠷ ᠨᠡᠶᠢᠲᠡᠯᠡᠪᠡ︔ ᠠᠳᠠᠯᠢ ᠪᠤᠰᠤ ᠭᠤᠤᠯ ᠰᠡᠳᠦᠪ ᠢ ᠢᠯᠭᠠᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠵᠢᠯᠯᠠᠭ᠎ᠠ 14 ᠬᠤᠭᠤᠴᠠᠭ᠎ᠠ ᠥᠷᠨᠢᠭᠦᠯᠵᠦ᠂ 488 ᠠᠵᠤ ᠠᠬᠤᠶᠢᠯᠠᠯ ᠤᠨ 12768 ᠤᠳᠠᠭᠠᠨ ᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠪᠲᠡᠷᠡᠭᠦᠯᠵᠦ᠂ ᠦᠵᠡᠭᠰᠡᠨ ᠬᠡᠮᠵᠢᠶ᠎ᠡ 9.5 ᠲᠦᠮᠡᠨ ᠬᠥᠮᠦᠨ ᠤᠳᠠᠭ᠎ᠠ ᠳᠤ ᠬᠦᠷᠴᠦ᠂ ᠨᠢᠭᠡᠳᠦᠭᠡᠷ ᠤᠯᠠᠷᠢᠯ ᠤᠨ ᠠᠵᠢᠯ ᠣᠯᠭᠤᠯᠲᠠ ᠶᠢᠨ ︽ᠰᠠᠶᠢᠨ ᠡᠬᠢᠯᠡᠯᠲᠡ︾ ᠶᠢ ᠪᠡᠶᠡᠯᠡᠭᠦᠯᠪᠡ᠃ ᠰᠦᠯᠵᠢᠶᠡᠨ ᠭᠠᠳᠠᠨᠠᠬᠢ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠬᠠᠨᠳᠤᠯᠭᠠᠲᠤ ᠴᠢᠭᠯᠡᠯ ᠢᠶᠠᠷ ᠬᠦᠴᠦᠯᠡᠵᠦ᠂ ᠲᠣᠭᠠᠴᠢᠯᠠᠭᠰᠠᠨ ᠠᠵᠤ ᠠᠬᠤᠶ᠂ ᠬᠡᠷ ᠤᠨ ᠶᠠᠪᠤᠳᠠᠯ ᠤᠨ ᠦᠢᠯᠡᠴᠢᠯᠡᠭᠡ᠂ ᠲᠡᠷᠢᠭᠦᠨ ᠤ ᠦᠢᠯᠡᠳᠬᠡᠯ ᠤᠨ ᠦᠢᠯᠡᠰ ᠪᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠭᠢᠯᠡᠵᠦ᠂ 1364 ᠠᠵᠤ ᠠᠬᠤᠶᠢᠯᠠᠯ ᠳᠤ ᠳᠡᠯᠭᠡᠨ ᠦᠵᠡᠭᠦᠯᠵᠦ ᠠᠵᠢᠯᠲᠠᠨ ᠤᠷᠢᠵᠤ᠂ 34474 ᠠᠵᠢᠯ ᠤᠨ ᠪᠠᠶᠢᠷᠢ ᠬᠠᠩᠭᠠᠵᠤ᠂ ᠲᠤᠬᠠᠶ ᠶᠢᠨ ᠲᠠᠯᠠᠪᠤᠷ ᠲᠤ 3949 ᠬᠥᠮᠦᠨ ᠤᠳᠠᠭ᠎ᠠ ᠠᠵᠢᠯ ᠤᠯᠬᠤ ᠰᠠᠨᠠᠮᠵᠢ ᠲᠣᠭᠲᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ