ᠪᠦᠬᠦ ᠬᠤᠲᠠ ᠶᠢᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/4/23
      4 ᠰᠠᠷ᠎ᠠ ᠶᠢᠨ 20 ᠤ ᠡᠳᠦᠷ᠂ ︽ᠤᠮᠠᠷᠠᠲᠤ ᠬᠢᠯᠢ ᠶᠢ ᠤᠩᠰᠢᠵᠤ ᠪᠣᠷᠣᠲᠣᠬᠤᠶ ᠶᠢ ᠦᠵᠡᠬᠦ︾ ᠪᠠᠷ ᠭᠤᠤᠯ ᠰᠡᠳᠦᠪ ᠪᠣᠯᠭᠠᠭᠰᠠᠨ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠣᠷᠣᠲᠣᠬᠤᠢ ᠶᠢᠨ ᠰᠣᠶᠣᠯ ᠤᠷᠠᠯᠢᠭ ᠤᠨ ᠲᠥᠪ ᠲᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠨᠢ ︽ᠵᠠᠭᠤᠨ ᠦᠢᠯᠡᠰ ᠤᠨ ᠬᠠᠮᠲᠤ ᠢᠷᠠᠭᠤ ᠰᠠᠶᠢᠬᠠᠨ ᠢᠷᠠᠭᠤ ᠲᠤᠤᠯᠢᠰ︾ ᠢ ᠤᠶᠠᠩᠭᠠᠯᠠᠨ ᠤᠩᠰᠢᠬᠤ ᠪᠠᠷ ᠬᠥᠰᠢᠭᠡ ᠪᠠᠨ ᠰᠡᠬᠦᠵᠦ᠂ ᠳᠠᠭᠤᠤ ᠪᠥᠵᠢᠭ ᠤᠨ ︽ᠯᠢᠶᠠᠩ ᠵᠦ᠂ ᠴᠦᠨ ᠹᠧᠩ ᠶᠢᠩ ᠬᠦᠷᠢᠶᠡᠯᠡᠩ ᠤᠨ ᠤᠷᠠᠨ ᠪᠢᠴᠢᠯᠭᠡ︾᠂ ᠦᠵᠡᠭᠳᠡᠯᠲᠦ ᠲᠣᠭᠯᠠᠯᠲᠠ ︽ᠲᠠᠩ ᠤᠯᠤᠰ ᠤᠨ ᠰᠢᠯᠦᠭ ᠲᠠᠬᠢ ᠳᠤᠮᠳᠠᠳᠤ ᠤᠯᠤᠰ︾᠂ ᠡᠯ ᠷᠧᠨ ᠲᠠᠢ ᠤᠳᠤ ᠦᠶ᠎ᠡ ᠶᠢᠨ ᠵᠢᠵᠢᠭ ᠰᠢ ︽ᠮᠥᠩᠬᠡ ᠨᠣᠭᠤᠭᠠᠨ ᠮᠣᠳᠣ︾ ᠵᠡᠷᠭᠡ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃      ᠲᠤᠬᠠᠶ ᠶᠢᠨ ᠡᠳᠦᠷ᠂ ᠨᠣᠮ ᠪᠢᠴᠢᠭ ᠢ ᠰᠣᠯᠢᠯᠴᠠᠬᠤ ᠠᠵᠢᠯᠯᠠᠭ᠎ᠠ ᠳᠤ ᠬᠤᠲᠠ ᠶᠢᠨ ᠠᠷᠠᠳ ᠤᠨ ᠬᠠᠯᠠᠭᠤᠨ ᠰᠡᠳᠬᠢᠯᠭᠡ ᠶᠢ ᠲᠠᠲᠠᠵᠤ᠂ ᠤᠷᠠᠨ ᠪᠢᠴᠢᠯᠭᠡ ᠳᠤ ᠪᠠᠭ᠋ᠠᠲᠠᠶ ᠬᠥᠮᠦᠰ ᠬᠠᠷᠢᠨ ᠤᠷᠠᠨ ᠪᠢᠴᠢᠯᠭᠡ ᠳᠤ ᠰᠡᠳᠬᠢᠯ ᠲᠠᠯᠪᠢᠵᠤ᠂ ᠪᠢᠷ ᠲᠦᠷᠢᠨ ᠤᠩᠰᠢᠵᠤ᠂ ᠨᠢᠭᠡ ᠨᠢᠭᠡ ᠵᠢᠷᠤᠭ ᠢᠶᠠᠷ ᠤᠯᠠᠮᠵᠢᠯᠠᠯᠲᠤ ᠰᠣᠶᠣᠯ ᠢᠶᠠᠨ ᠪᠢᠴᠢᠵᠡᠶ ᠃ ᠬᠤᠲᠠ ᠶᠢᠨ ᠨᠣᠮ ᠤᠨ ᠰᠠᠩ ᠤᠨ ᠠᠵᠢᠯᠲᠠᠳ ᠬᠤᠲᠠ ᠶᠢᠨ ᠠᠷᠠᠳ ᠲᠤ ᠡᠷᠲᠡᠨ ᠤ ᠨᠣᠮ ᠪᠢᠴᠢᠭ ᠢ ᠬᠠᠮᠠᠭᠠᠯᠠᠬᠤ ᠭᠠᠷ ᠳᠡᠪᠲᠡᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠤᠲᠠ ᠶᠢᠨ ᠠᠷᠠᠳ ᠤᠨ ᠨᠣᠮ ᠤᠨ ᠰᠠᠩ ᠳᠤ ᠣᠷᠣᠵᠤ ᠳᠤᠷᠠᠲᠠᠢ ᠨᠣᠮ ᠤᠩᠰᠢᠬᠤ ᠶᠢ ᠰᠠᠨᠠᠭᠠᠴᠢᠯᠠᠪᠠ᠃      ᠪᠥᠬᠦ ᠬᠤᠲᠠ ᠶᠢᠨ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠪᠡ᠃ ᠡᠨᠡ ᠬᠤᠭᠤᠴᠠᠭᠠᠨ ᠳᠤ᠂ ᠮᠠᠨ ᠤ ᠬᠤᠲᠠ ᠪᠠᠰᠠ ᠬᠠᠷᠰᠢ ᠰᠠᠭᠠᠳ ᠥᠬᠡᠶ ᠺᠢᠨᠣ᠋ ᠭᠠᠷᠭᠠᠬᠤ ᠠᠵᠢᠯᠯᠠᠭ᠎ᠠ᠂ ︽ᠨᠣᠮ ᠪᠢᠴᠢᠭ ᠤᠨ ᠤᠮᠠᠷᠠᠲᠤ ᠬᠢᠯᠢ · ᠺᠣᠳ᠋ ᠳᠡᠭᠡᠷ᠎ᠡ ᠪᠠᠶᠠᠰᠤᠯᠳᠤ ᠤᠩᠰᠢᠯᠭ᠎ᠠ︾ ᠶᠢᠨ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠂ ︽ᠪᠢᠴᠢᠭ ᠤᠨ ᠰᠤᠷᠪᠤᠯᠵᠢᠲᠤ ᠥᠪᠥᠷ ᠮᠣᠩᠭᠤᠯ︾ ᠤᠨ ᠰᠢᠷᠢᠰ ᠲᠠᠶᠢᠯᠤᠮᠵᠢ ᠵᠡᠷᠭᠡ 23 ᠵᠦᠢᠯ ᠤᠨ ᠭᠤᠤᠯ ᠰᠡᠳᠦᠪ ᠨᠢ ᠢᠯᠡ ᠲᠣᠳᠣ᠂ ᠭᠤᠶᠢᠳᠠ ᠰᠠᠶᠢᠬᠠᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠪᠥᠬᠦ ᠠᠷᠠᠳ ᠤᠨ ᠤᠩᠰᠢᠯᠭ᠎ᠠ ᠶᠢ ᠭᠦᠨᠵᠡᠭᠡᠶ ᠳᠡᠯᠭᠡᠷᠡᠭᠦᠯᠬᠦ ᠪᠣᠯᠤᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ