ᠵᠠᠩ ᠬᠤᠩ ᠹᠦ᠋ ᠯᠢᠨ ᠾᠧ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/23
      4 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠬᠤᠩ ᠹᠦ᠋ ᠯᠢᠨ ᠾᠧ ᠲᠣᠭᠤᠷᠢᠭ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ᠂ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃      ᠪᠠ ᠢ ᠰᠢᠶᠠᠩ ᠤᠨ ᠯᠢᠶᠠᠨ ᠹᠧᠩ ᠲᠣᠰᠬᠤᠨ ᠤ ᠬᠠᠮᠲᠤᠪᠠᠷ ᠴᠢᠨᠡᠭᠡᠯᠢᠭᠵᠢᠬᠦ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠤᠯᠠᠭᠠᠨᠲᠤᠭ ᠪᠠᠯᠭᠠᠰᠤᠨ ᠤ ᠰᠢᠶᠠᠨ ᠨᠦᠩ ᠲᠦᠮᠡᠨ ᠮᠦ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠭᠠᠨ ᠵᠤᠤ ᠮᠢᠶᠣᠣ ᠪᠠᠯᠭᠠᠰᠤᠨ ᠤ ᠬᠤᠤ ᠲᠦᠩ · ᠲᠦᠩ ᠯᠦᠸᠧ ᠸᠠᠨ ᠤ ᠲᠠᠷᠢᠶᠠᠨ ᠭᠠᠵᠠᠷ ᠤᠨ ᠶᠡᠷᠦᠩᠬᠡᠢ ᠴᠣᠭᠴᠠ ᠶᠢᠨ ᠤᠨᠴᠠᠯᠢᠭᠳᠤ ᠵᠢᠵᠢᠭ ᠪᠠᠯᠭᠠᠰᠤᠨ ᠳᠤ᠂ ᠵᠠᠩ ᠬᠤᠩ ᠹᠦ᠋ ᠲᠤᠬᠠᠢ ᠶᠢᠨ ᠭᠠᠵᠠᠷ ᠲᠤᠨᠢ ᠥᠷᠭᠡᠰᠦᠲᠦ ᠬᠡᠮᠬᠡ᠂ ᠠᠮᠲᠠᠲᠤ ᠬᠡᠮᠬᠡ᠂ ᠭᠦᠵᠡᠯᠵᠡᠭᠡᠨ᠎ᠡ ᠵᠡᠷᠭᠡ ᠲᠠᠷᠢᠮᠠᠯ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠮᠠᠯ ᠤᠨ ᠡᠷᠦᠬᠡ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠦᠯᠡᠮᠵᠢ ᠶᠢᠨ ᠬᠦᠯᠡᠮᠵᠢ ᠶᠢᠨ ᠪᠠᠶᠢᠭᠤᠯᠤᠯᠲᠠ ᠶᠢᠨ ᠥᠪᠡᠷ ᠤᠨ ᠦᠷᠳᠡᠭ᠂ ᠲᠠᠷᠢᠮᠠᠯ ᠤᠨ ᠬᠡᠪᠴᠢᠶ᠎ᠡ᠂ ᠲᠠᠷᠢᠮᠠᠯ ᠤᠨ ᠲᠦᠷᠦᠯ ᠵᠦᠢᠯ᠂ ᠪᠦᠲᠦᠭᠡᠭᠳᠡᠬᠦᠨ ᠤ ᠪᠣᠷᠣᠯᠠᠭᠤᠯᠭ᠎ᠠ᠂ ᠦᠢᠯᠡᠳᠪᠦᠷᠢᠯᠡᠯ ᠤᠨ ᠦᠷ᠎ᠡ ᠠᠰᠢᠭ᠂ ᠬᠥᠳᠡᠭᠡ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠡᠯᠡᠭᠦᠴᠡᠯ ᠲᠡᠭᠦᠬᠦ᠂ ᠡᠷᠡᠭᠦᠯᠵᠢᠯ ᠰᠤᠪᠢᠯᠠᠯᠲᠠ ᠠᠮᠠᠷᠠᠯᠲᠠ᠂ ᠣᠶᠤᠨᠴᠢ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠲᠣᠯᠣᠭᠠᠶᠢᠯᠠᠭᠴᠢ ᠠᠵᠤ ᠠᠬᠤᠶᠢᠯᠠᠯ᠂ ᠴᠢᠳᠠᠪᠤᠷᠢᠲᠠᠨ ᠤ ᠲᠣᠮᠣ ᠡᠷᠦᠬᠡ ᠶᠢ ᠣᠷᠣᠭᠤᠯᠤᠨ ᠠᠪᠴᠢᠷᠠᠵᠤ ᠪᠤᠶᠢᠵᠢᠭᠤᠯᠤᠨ᠂ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠵᠤ᠂ ᠲᠡᠷᠢᠭᠦᠨ ᠤ ᠲᠠᠷᠢᠮᠠᠯ ᠤᠨ ᠮᠡᠷᠭᠡᠵᠢᠯ ᠪᠠ ᠬᠠᠮᠢᠶᠠᠷᠤᠯᠲᠠ ᠶᠢᠨ ᠵᠠᠭᠪᠤᠷ ᠢ ᠳᠡᠯᠭᠡᠷᠡᠭᠦᠯᠦᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠳᠤ ᠢᠳᠡᠪᠬᠢᠲᠡᠶ ᠣᠷᠣᠯᠴᠠᠭᠤᠯᠵᠤ᠂ ᠦᠢᠯᠡᠳᠪᠦᠷᠢᠯᠡᠯ ᠤᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠨ᠂ ᠲᠠᠷᠢᠮᠠᠯ ᠤᠨ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠨᠴᠠᠯᠢᠭᠲᠤ ᠲᠠᠷᠢᠮᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠶ ᠭᠡᠵᠡᠶ᠃ ᠰᠢᠰᠲ᠋ᠧᠮᠲᠦ ᠰᠡᠳᠬᠢᠬᠦᠢ ᠪᠠᠷ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ ᠂ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠬᠤ᠂ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠬᠦ᠂ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠬᠡᠷᠡᠭᠯᠡᠭᠡᠨ ᠤ ᠣᠶᠢᠯᠠᠭᠠᠯᠲᠠ ᠶᠢ ᠳᠡᠭᠡᠭᠰᠢᠯᠡᠭᠦᠯᠵᠦ᠂ ︽ᠨᠢᠭᠡ ᠬᠦᠷᠢᠶᠡᠯᠡᠩ ᠢ ᠪᠠᠶᠢᠭᠤᠯᠵᠤ᠂ ᠨᠢᠭᠡ ᠦᠢᠯᠡᠰ ᠢ ᠬᠥᠭᠵᠢᠭᠦᠯᠵᠦ᠂ ᠨᠢᠭᠡ ᠬᠡᠰᠡᠭ ᠢ ᠪᠠᠶᠠᠵᠢᠭᠤᠯᠬᠤ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃      ᠤᠯᠠᠭᠠᠨᠲᠤᠭ ᠪᠠᠯᠭᠠᠰᠤᠨ ᠤ ᠳ᠋ᠦᠩ ᠰᠢᠩ ᠲᠣᠰᠬᠤᠨ ᠳᠤ᠂ ᠵᠠᠩ ᠬᠤᠩ ᠹᠦ᠋ ᠲᠣᠰᠬᠤᠨ ᠤ ᠠᠷᠠᠳ ᠲᠠᠢ ᠬᠦᠯᠡᠮᠵᠢ ᠶᠢᠨ ᠳᠠᠭᠠᠤ ᠵᠣᠭᠤᠭᠳᠠᠵᠤ᠂ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠲᠡᠳᠡᠨ ᠤ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠠᠷᠭ᠎ᠠ ᠵᠠᠮ ᠢ ᠬᠠᠮᠲᠤᠪᠠᠷ ᠰᠦᠪᠡᠭᠴᠢᠯᠡᠪᠡ᠃ ᠲᠡᠷᠡ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯ ᠳᠠᠷᠤᠶ ᠵᠠᠰᠠᠭ ᠤᠨ ᠣᠷᠳᠣᠨ ᠤ ᠴᠢᠷᠮᠠᠶᠢᠬᠤ ᠴᠢᠭᠯᠡᠯ ᠮᠥᠨ᠂ ᠡᠳᠡᠭᠡᠷ ᠰᠠᠨᠠᠯ ᠰᠠᠨᠠᠭᠤᠯᠭ᠎ᠠ ᠶᠢ ᠯᠠᠪᠲᠠᠶ ᠱᠠᠯᠠᠪᠳᠠᠨ ᠰᠤᠳᠤᠯᠵᠤ᠂ ᠪᠣᠳᠠᠲᠠᠶ ᠠᠵᠢᠯ ᠤᠨ ᠳᠤᠮᠳᠠ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠵᠢᠯ ᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠠᠩ ᠣᠶᠢᠷᠠᠲᠤᠭᠤᠯᠬᠤ ᠬᠡᠷᠡᠭᠲᠡᠶ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ