ᠾᠧ ᠸᠧᠢ ᠬᠤᠸᠠ ᠤᠷᠠᠳ ᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/23
      4 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠤᠷᠠᠳ ᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠾᠧ ᠸᠧᠢ ᠬᠤᠸᠠ ᠤᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠬᠡᠷᠡᠭ ᠢ ᠰᠤᠭᠤᠴᠢᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠵᠤ᠂ ᠬᠤᠰᠢᠭᠤ ᠰᠢᠶᠠᠨ᠂ ᠰᠢᠶᠠᠩ ᠪᠠᠯᠭᠠᠰᠤ᠂ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠴᠡᠭ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠲᠡᠷᠡ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠥᠰᠦᠯ ᠢ ᠨᠠᠶᠢᠷᠠᠭᠤᠯᠤᠨ ᠵᠣᠬᠢᠶᠠᠬᠤ᠂ ᠰᠡᠷᠡᠮᠵᠢᠯᠡᠭᠦᠯᠬᠦ ᠬᠥᠮᠦᠵᠢᠯ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠡᠯ᠎ᠡ ᠭᠤᠭᠴᠤᠭ᠎ᠠ ᠶᠢᠨ ᠠᠵᠢᠯ ᠢ ᠪᠣᠳᠠᠲᠠᠢ ᠠᠳᠬᠤᠵᠤ᠂ ᠠᠰᠠᠭᠤᠳᠠᠯ ᠢ ᠪᠠᠶᠢᠴᠠᠭᠠᠨ ᠳᠤᠳᠤᠯᠠᠬᠤ ᠦᠭᠡᠢ ᠪᠣᠯ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠲᠦᠢᠯᠪᠤᠷᠢᠲᠠᠢ ᠬᠢᠬᠦ ᠦᠭᠡᠢ ᠪᠣᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ ᠪᠠᠶᠢᠬᠤ ᠬᠡᠷᠡᠭᠲᠡᠢ᠃      ᠣᠩᠭᠤᠨ ᠪᠠᠯᠭᠠᠰᠤᠨ ᠤ ᠴᠢᠩ ᠵᠢᠶᠠᠨ ᠲᠢᠶᠠᠨ ᠦᠬᠡᠷ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ᠂ ᠾᠧ ᠸᠧᠢ ᠬᠤᠸᠠ ᠮᠠᠯ ᠤᠨᠤᠭ᠎ᠠ ᠪᠠᠨ ᠨᠠᠶᠢᠳᠠᠨ ᠲᠡᠵᠢᠭᠡᠯᠭᠡᠬᠦ᠂ ᠨᠤᠲᠤᠭ ᠪᠡᠯᠴᠢᠭᠡᠷ ᠢᠶᠠᠨ ᠪᠡᠯᠴᠢᠭᠡᠷᠯᠡᠭᠦᠯᠬᠦ ᠶᠢ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶ ᠶᠠᠷᠢᠵᠤ᠂ ᠮᠠᠯᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠡᠷᠦᠬᠡ ᠬᠤᠯᠪᠣᠭᠠᠯᠠᠵᠤ ᠡᠵᠡᠩᠨᠡᠬᠦ ᠪᠠᠷ ᠳᠠᠮᠵᠢᠭᠤᠯᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠨᠢ ᠳᠣᠭᠢᠷᠠᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠣᠷᠳᠣ ᠬᠤᠭᠤᠴᠠᠭ᠎ᠠ ᠪᠠᠷ ᠡᠵᠡᠮᠳᠡᠵᠦ ᠪᠣᠯᠬᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠦᠷᠢᠮ ᠲᠣᠭᠲᠠᠴᠠ ᠶᠢ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠦᠷ᠎ᠡ ᠪᠦᠲᠦᠭᠡᠯ ᠢ ᠳᠠᠬᠢᠨ ᠪᠠᠬᠢᠵᠢᠭᠦᠯᠵᠦ᠂ ᠮᠠᠯᠴᠢᠳ ᠤᠨ ᠣᠷᠣᠯᠭ᠎ᠠ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃      ᠾᠧ ᠸᠧᠢ ᠬᠤᠸᠠ ᠬᠠᠯᠢᠭᠤᠲᠤ ᠪᠠᠯᠭᠠᠰᠤᠨ ᠤ ︽ ᠶᠢᠨ ᠱᠢ ᠵᠢᠶᠣᠤ︾ ᠰᠡᠳᠬᠢᠯ ᠨᠢᠭᠡᠳᠦᠨ ᠦᠢᠯᠡᠰ ᠪᠣᠰᠬᠠᠬᠤ ᠵᠡᠭᠡᠯᠢ ᠳᠤ ᠬᠦᠷᠴᠦ᠂ ᠦᠢᠯᠡᠳᠬᠦᠨ ᠢ ᠰᠤᠳᠤᠯᠤᠨ ᠨᠡᠭᠡᠭᠡᠬᠦ᠂ ᠡᠳ᠋ᠰᠢᠭᠦᠯᠦᠨ ᠪᠣᠷᠣᠯᠠᠭᠤᠯᠬᠤ᠂ ᠠᠵᠢᠯ ᠣᠯᠭᠤᠯᠲᠠ ᠶᠢ ᠳᠠᠶᠢᠴᠢᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠠᠭᠤᠰᠤᠯᠴᠠᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠢᠯᠡ ᠲᠦᠷᠦᠭᠳᠡᠯ ᠲᠠᠢ ᠪᠦᠲᠦᠮᠵᠢᠲᠡᠢ ᠪᠠᠶᠢᠬᠤ ᠳᠡᠭᠡᠷ᠎ᠡ ᠬᠦᠴᠦ ᠣᠷᠣᠭᠤᠯᠵᠤ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠦ ᠬᠡᠯᠡᠪᠡ᠃      ᠬᠠᠯᠢᠭᠤᠲᠤ ᠪᠠᠯᠭᠠᠰᠤᠨ ᠤ ᠴᠡᠴᠡᠷᠯᠢᠭ ᠤᠨ ᠵᠡᠭᠦᠨ ᠵᠠᠮ ᠤᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠾᠧ ᠸᠧᠶ ᠬᠤᠸᠠ ᠦᠨᠳᠦᠰᠦᠨ ᠱᠠᠲᠤᠨ ᠤ ᠡᠯ᠎ᠡ ᠵᠦᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠪᠠ᠃ ᠲᠡᠷᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠣᠯᠠᠨ ᠲᠦᠮᠡᠨ ᠤ ᠢᠯᠵᠠᠷᠠᠯ ᠤᠨ ᠠᠰᠠᠭᠤᠳᠠᠯ ᠲᠠᠢ ᠲᠥᠪᠯᠡᠷᠡᠭᠦᠯᠦᠨ ᠴᠡᠭᠴᠡᠯᠡᠨ ᠵᠠᠰᠠᠬᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠨᠡᠩ ᠢᠯᠡᠭᠦᠦ ᠢᠯᠡᠷᠡᠭᠦᠯᠵᠦ᠂ ᠶᠠᠭᠠᠬᠢᠵᠤ ᠡᠭᠦᠷᠭᠡᠯᠡᠬᠦ ᠶᠢ ᠨᠠᠷᠢᠨ ᠬᠢᠨᠠᠮᠠᠭᠠᠶ ᠰᠤᠳᠤᠯᠵᠤ᠂ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠬᠥᠭᠵᠢᠯᠲᠡ ᠳᠤ ᠦᠨᠡᠨ ᠬᠦ ᠬᠥᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ ᠭᠡᠵᠦ ᠬᠡᠯᠡᠪᠡ᠃      ᠬᠤᠳᠠ ᠶᠢᠨ ᠤᠳᠤᠷᠢᠳᠤᠯᠭ᠎ᠠ ᠶᠢᠨ ᠵᠤᠤ ᠫᠢᠩ ᠣᠷᠣᠯᠴᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ