ᠾᠧ ᠸᠧᠢ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ | 3 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ ᠾᠧ ᠸᠧᠢ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠦᠨ ᠫᠧᠩ ᠭᠠᠩ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠯᠢᠨ ᠾᠧ ᠲᠣᠭᠤᠷᠢᠭ᠂ ᠤᠷᠠᠳ ᠤᠨ ᠬᠤᠶᠢᠲᠤ ᠬᠤᠰᠢᠭᠤ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ | ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠾᠧ ᠸᠧᠢ ᠬᠤᠸᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ | ᠨᠡᠶᠢᠭᠡᠮ ᠤᠨ ᠠᠵᠢᠯ ᠤᠨ ᠦᠨᠳᠦᠰᠦᠨ ᠵᠠᠷᠴᠢᠮ᠂ ᠦᠷᠳᠡᠭ ᠤᠨ ᠬᠠᠨᠳᠤᠰᠢ᠂ ᠬᠥᠭᠵᠢᠯᠲᠡ ᠶᠢᠨ ᠴᠢᠭᠯᠡᠯ᠂ ᠭᠤᠣᠯᠳᠠᠯᠭ᠎ᠠ ᠲᠠᠢ ᠡᠭᠦᠷᠭᠡ᠂ ᠰᠠᠭᠤᠷᠢ ᠪᠠᠲᠤᠯᠠᠭ᠎ᠠ ᠶᠢ | ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠥᠬᠦ ᠬᠤᠲᠠ ᠶᠢᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠴᠢᠩᠭ᠎ᠠ ᠤᠯᠤᠰ ᠲᠥᠷᠥ ᠶᠢᠨ ᠤᠬᠠᠮᠰᠠᠷ᠂ ᠵᠢᠭᠰᠠᠭᠠᠯ ᠤᠨ ᠭᠠᠵᠠᠷ ᠤᠨ ᠤᠬᠠᠮᠰᠠᠷ᠂ ᠲᠦᠭᠰᠢᠭᠦᠷᠢ ᠶᠢᠨ ᠤᠬᠠᠮᠰᠠᠷ ᠢᠶᠠᠷ | ᠳᠤᠲᠠᠭᠤᠳᠠᠯ ᠢᠶᠠᠨ ᠨᠥᠬᠦᠪᠥᠷᠢᠯᠡᠵᠦ᠂ ᠡᠭᠦᠷᠭᠡ ᠬᠠᠷᠢᠭᠤᠴᠠᠯᠭ᠎ᠠ ᠪᠠᠨ ᠰᠢᠯᠤᠭᠤᠳᠬᠠᠵᠤ᠂ ᠲᠣᠭᠲᠠᠴᠠ ᠪᠠᠨ ᠪᠦᠷᠢᠨᠰᠢᠬᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠨᠡᠶᠢᠭᠡᠮ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠬᠡᠵᠡᠢ᠃ | ᠾᠧ ᠸᠧᠢ ᠬᠤᠸᠠ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠥᠷᠭᠡᠳᠬᠡᠨ ᠭᠦᠨᠵᠡᠭᠡᠶᠢᠷᠡᠭᠦᠯᠵᠦ᠂ ᠰᠢᠨ᠎ᠡ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ | ᠵᠣᠬᠢᠶᠠᠨ ᠪᠠᠶᠢᠭᠤᠯᠤᠯᠲᠠ ᠪᠠᠨ ᠥᠷᠭᠡᠳᠬᠡᠵᠦ᠂ ᠠᠵᠢᠯ ᠤᠨ ︽ᠬᠤᠶᠠᠷ ᠢ ᠪᠦᠷᠬᠦᠭᠦᠯᠬᠦ︾ ᠶᠢ ᠥᠷᠭᠡᠳᠬᠡᠵᠦ᠂ ᠤᠯᠤᠰ ᠲᠦᠷᠦ᠂ ᠵᠣᠬᠢᠶᠠᠨ ᠪᠠᠶᠢᠭᠤᠯᠤᠯᠲᠠ ᠶᠢᠨ ︽ | ᠬᠤᠶᠠᠷ ᠴᠢᠳᠠᠮᠵᠢ︾ ᠶᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠳᠠᠨ ᠤ ︽ᠬᠤᠶᠠᠷ ᠡᠩᠨᠡᠭᠡ︾ ᠶᠢ | ᠪᠠᠶᠢᠭᠤᠯᠤᠨ ᠬᠦᠴᠦᠷᠬᠡᠭᠵᠢᠭᠦᠯᠵᠦ᠂ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ︽ᠬᠤᠶᠠᠷ ᠵᠢᠭᠰᠠᠭᠠᠯ ᠤᠨ ᠭᠠᠵᠠᠷ︾ ᠢ ᠰᠠᠶᠢᠲᠤᠷ ᠠᠳᠬᠤᠵᠤ᠂ ᠨᠠᠮ ᠤᠨ | ᠬᠠᠷᠠᠭᠠᠰᠤ ᠠᠴᠠ ᠨᠡᠶᠢᠭᠡᠮ ᠤᠨ ᠡᠯ᠎ᠡ ᠬᠦᠷᠢᠶᠡᠨ ᠳᠤ ᠬᠦᠷᠲᠡᠯ᠎ᠡ ᠥᠷᠭᠡᠳᠬᠡᠬᠦ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠰᠠᠭᠤᠷᠢ ᠶᠢ ᠪᠠᠲᠤᠳᠬᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠨᠡᠶᠢᠭᠡᠮ ᠤᠨ ᠵᠥᠷᠢᠴᠡᠯ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠨᠠᠮ ᠤᠨ ᠲᠦᠷᠦ ᠪᠠᠷᠢᠬᠤ ᠰᠠᠭᠤᠷᠢ ᠶᠢ ᠦᠷᠭᠦᠯᠵᠢᠯᠡᠨ ᠰᠠᠶᠢᠲᠤᠷ | ᠪᠠᠬᠢᠵᠢᠭᠦᠯᠬᠦ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ᠶᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ | ᠬᠡᠷᠡᠭᠯᠡᠵᠦ᠂ ᠠᠷᠠᠳ ᠲᠦᠮᠡᠨ ᠤ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ | ᠰᠠᠶᠢᠨ ᠳᠤᠷ᠎ᠠ ᠶᠢᠨ ᠦᠢᠯᠡᠴᠢᠯᠡᠭᠡ ᠶᠢ ᠨᠠᠷᠢᠨ ᠬᠢᠨᠠᠮᠠᠭᠠᠢ ᠥᠷᠨᠢᠭᠦᠯᠵᠦ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠤᠯᠠᠨ ᠲᠦᠮᠡᠨ ᠣᠷᠣᠯᠴᠠᠬᠤ᠂ ᠬᠠᠮᠵᠢᠯᠴᠠᠨ ᠥᠨᠳᠥᠷ ᠪᠦᠲᠦᠮᠵᠢᠲᠡᠢ ᠠᠵᠢᠯ ᠤᠨ | ᠪᠠᠶᠢᠳᠠᠯ ᠢ ᠲᠦᠷᠭᠡᠨ ᠪᠦᠷᠢᠯᠳᠦᠭᠦᠯᠬᠦ ᠬᠡᠷᠡᠭᠲᠡᠢ᠃ | ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ | |