ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ 4 ᠰᠠᠷ᠎ᠠ ᠶᠢᠨ 15 ᠤ ᠡᠳᠦᠷ ᠠᠴᠠ ᠡᠬᠢᠯᠡᠨ᠂ 3 | ᠰᠠᠷ᠎ᠠ ᠶᠢᠨ ᠬᠤᠭᠤᠴᠠᠭ᠎ᠠ ᠲᠠᠢ ︽ᠴᠡᠪᠡᠷ ᠲᠤᠩᠭᠠᠯᠠᠭ · ᠣᠬᠤᠷ ᠸᠢᠳᠢᠣ᠋ ᠶᠢᠨ ᠬᠦᠷᠢᠶᠡᠨ ᠳᠠᠬᠢ ᠮᠠᠭᠤ ᠰᠠᠨᠠᠭ᠎ᠠ ᠲᠠᠢ ᠪᠠᠷ ᠡᠵᠡᠩᠨᠡᠨ ᠪᠣᠷᠣᠯᠠᠭᠤᠯᠬᠤ ᠰᠠᠮᠠᠭᠤᠨ | ᠦᠵᠡᠭᠳᠡᠯ ᠢ ᠴᠡᠭᠴᠡᠯᠡᠨ ᠵᠠᠰᠠᠬᠤ︾ ᠲᠤᠰᠬᠠᠶ ᠠᠵᠢᠯᠯᠠᠭ᠎ᠠ ᠥᠷᠨᠢᠭᠦᠯᠦᠨ᠎ᠡ᠃ ᠲᠤᠰᠬᠠᠶ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠣᠬᠤᠷ ᠸᠢᠳᠢᠣ᠋ ᠶᠢᠨ | ᠬᠦᠷᠢᠶᠡᠨ ᠳᠠᠬᠢ ᠮᠠᠭᠤ ᠰᠠᠨᠠᠭ᠎ᠠ ᠲᠠᠢ ᠪᠠᠷ ᠡᠵᠡᠩᠨᠡᠨ ᠪᠣᠷᠣᠯᠠᠭᠤᠯᠬᠤ ᠲᠣᠪᠤᠶᠢᠮ᠎ᠠ ᠠᠰᠠᠭᠤᠳᠠᠯ ᠢ ᠨᠢᠭᠡᠳᠦᠯᠳᠡᠢ ᠪᠠᠷ ᠴᠡᠭᠴᠡᠯᠡᠨ ᠵᠠᠰᠠᠵᠤ᠂ ᠮᠠᠭᠤ ᠰᠠᠨᠠᠭ᠎ᠠ ᠲᠠᠢ ᠪᠠᠷ | ᠬᠤᠳᠠᠯ ᠬᠠᠭᠤᠷᠮᠠᠭ ᠶᠠᠭᠤᠮᠠᠰ ᠵᠤᠬᠢᠶᠠᠵᠦ ᠬᠦᠮᠦᠰ ᠢ ᠮᠡᠭᠡᠯᠡᠬᠦ᠂ ᠬᠤᠳᠠᠯ ᠬᠠᠭᠤᠷᠮᠠᠭ ᠮᠡᠳᠡᠭᠡ ᠵᠠᠩᠭᠢ ᠲᠠᠷᠬᠠᠭᠠᠬᠤ᠂ ᠨᠡᠶᠢᠲᠡ ᠶᠢᠨ ᠡᠮᠬᠢ ᠲᠢᠭᠯᠢᠮ ᠪᠠ ᠰᠠᠶᠢᠨ | ᠰᠠᠶᠢᠬᠠᠨ ᠬᠡᠪ ᠵᠠᠩᠰᠢᠯ ᠠᠴᠠ ᠵᠥᠷᠢᠴᠡᠬᠦ᠂ ᠲᠣᠭᠲᠠᠭᠠᠯ ᠠᠴᠠ ᠵᠥᠷᠢᠴᠡᠨ ᠬᠦᠮᠦᠰ ᠢ ᠡᠵᠡᠩᠨᠡᠨ ᠪᠣᠷᠣᠯᠠᠭᠤᠯᠭ᠎ᠠ ᠳᠤ ᠬᠦᠳᠦᠯᠦᠨ ᠤᠷᠤᠭᠤᠯᠬᠤ ᠵᠡᠷᠭᠡ ᠮᠠᠭᠤ | ᠰᠠᠨᠠᠭ᠎ᠠ ᠲᠠᠢ ᠪᠠᠷ ᠡᠵᠡᠩᠨᠡᠨ ᠪᠣᠷᠣᠯᠠᠭᠤᠯᠬᠤ ᠰᠠᠮᠠᠭᠤᠨ ᠦᠵᠡᠭᠳᠡᠯ ᠳᠤ ᠴᠢᠩᠭ᠎ᠠ ᠴᠣᠬᠢᠯᠲᠠ ᠥᠭᠴᠦ᠂ ᠰᠦᠯᠵᠢᠶᠡᠴᠢᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠵᠤ᠂ ᠣᠬᠤᠷ ᠸᠢᠳᠢᠣ᠋ ᠶᠢᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠲᠢᠭᠯᠢᠮ ᠲᠠᠢ ᠬᠥᠭᠵᠢᠬᠦ ᠶᠢ ᠠᠬᠢᠭᠤᠯᠤᠨ᠎ᠠ᠃ ᠴᠡᠭᠴᠡᠯᠡᠨ ᠵᠠᠰᠠᠬᠤ | ᠠᠵᠢᠯᠯᠠᠭ᠎ᠠ ᠨᠢ ᠭᠤᠤᠯᠳᠠᠭᠤ ᠣᠬᠤᠷ ᠸᠢᠳᠢᠣ᠋ ᠶᠢᠨ ᠤᠶᠢᠯᠡᠴᠢᠯᠡᠭᠡ ᠬᠠᠩᠭᠠᠬᠤ ᠰᠦᠯᠵᠢᠶᠡᠨ ᠤ ᠲᠠᠪᠴᠠᠩ ᠳᠤ ᠴᠢᠭᠯᠡᠭᠦᠯᠦᠨ᠂ ᠭᠦᠨᠵᠡᠭᠡᠶ ᠨᠠᠷᠢᠯᠢᠭ ᠪᠥᠬᠦ ᠲᠠᠯ᠎ᠠ ᠪᠠᠷ | ᠴᠡᠭᠴᠡᠯᠡᠨ ᠵᠠᠰᠠᠵᠤ᠂ ᠬᠠᠤᠯᠢ ᠲᠣᠭᠲᠠᠭᠠᠯ ᠶᠣᠰᠣᠭᠠᠷ ᠰᠢᠶᠳᠪᠦᠷᠢᠯᠡᠨ ᠲᠣᠷᠭᠠᠵᠤ᠂ ᠠᠭᠤᠯᠭ᠎ᠠ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠦᠨ᠎ᠡ᠃ |