ᠠᠯᠪᠠᠨ ᠵᠠᠷᠯᠠᠯ
ᠨᠡᠶᠢᠲᠡᠯᠡᠭᠰᠡᠨ ᠴᠠᠭ᠄
2025/4/23
      ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠥᠪᠥᠷ ᠮᠣᠩᠭᠤᠯ ᠤᠨ ᠮᠧᠩ ᠨᠢᠦ ᠱᠧᠩ ᠮᠥ ᠳᠡᠭᠡᠳᠦ ᠰᠢᠨᠵᠢᠯᠡᠬᠦ ᠤᠬᠠᠭᠠᠨ ᠤ ᠴᠠᠭᠠᠨ ᠢᠳᠡᠭᠡᠨ ᠤ ᠬᠢᠵᠠᠭᠠᠷᠲᠤ ᠺᠣᠮᠫᠠᠨᠢ ᠶᠢᠨ 2 ᠵᠦᠢᠯ ᠤᠨ ᠡᠷᠬᠡ ᠣᠯᠭᠤᠭᠰᠠᠨ ᠦᠢᠯᠡᠳᠬᠦᠨ ︵ᠣᠷᠭᠠᠨᠢᠭ ᠴᠡᠪᠡᠷ ᠰᠦ 250m12 ᠬᠠᠶᠢᠷᠴᠠᠭ᠂ ᠣᠷᠭᠠᠨᠢᠭ ᠡᠭᠡᠳᠡᠭᠰᠡᠨ ᠰᠦ 205g × 12 ᠬᠠᠶᠢᠷᠴᠠᠭ︶᠂ ᠥᠪᠥᠷ ᠮᠣᠩᠭᠤᠯ ᠤᠨ ᠶᠢᠨ ᠪᠥᠸᠧ ᠯᠢ ᠲᠠᠷᠢᠶᠠᠯᠠᠩ ᠤᠨ ᠲᠠᠯᠠᠪᠠᠶ ᠶᠢᠨ ᠬᠢᠵᠠᠭᠠᠷᠲᠤ ᠺᠣᠮᠫᠠᠨᠢ ᠶᠢᠨ 4 ᠵᠦᠢᠯ ᠤᠨ ᠡᠷᠬᠡ ᠣᠯᠭᠤᠭᠰᠠᠨ ᠦᠢᠯᠡᠳᠬᠦᠨ ︵ᠪᠠᠯᠲᠤ ᠬᠡᠮᠬᠡ᠂ ᠲᠠᠷᠪᠤᠰ᠂ ᠲᠥᠪᠡᠳ ᠬᠠᠰᠢ᠂ ᠯᠠᠩᠭᠤᠸᠠ︶ ᠱᠠᠭᠠᠷᠳᠠᠯᠭ᠎ᠠ ᠶᠣᠰᠣᠭᠠᠷ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠭᠰᠡᠨ ᠥᠬᠡᠶ᠂ ︽︿ᠲᠡᠭᠷᠢ ᠶᠢᠨ ᠬᠡᠰᠢᠭᠲᠦ ᠪᠣᠷᠣᠲᠣᠬᠤᠶ﹀ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠷᠢᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠪᠡ᠃ ︽︿ᠲᠡᠭᠷᠢ ᠶᠢᠨ ᠬᠡᠰᠢᠭᠲᠦ ᠪᠣᠷᠣᠲᠣᠬᠤᠶ﹀ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠷᠢᠨ ᠲᠠᠪᠤᠳᠤᠭᠠᠷ  ᠵᠦᠢᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠣᠲᠣ ᠪᠦᠬᠦᠨ ᠢ ᠪᠤᠴᠠᠭᠠᠨ᠎ᠠ᠃      ᠣᠨᠴᠠᠭᠠᠶᠢᠯᠠᠨ ᠵᠠᠷᠯᠠᠪᠠ      ᠪᠠᠶᠠᠨᠨᠠᠭᠤᠷ ᠬᠤᠲᠠ ᠶᠢᠨ ᠲᠠᠷᠢᠶᠠᠯᠠᠩ ᠠᠯ ᠠᠵᠤ ᠠᠬᠤᠢ ᠶᠢᠨ ᠠᠵᠤ ᠦᠢᠯᠡᠰᠵᠢᠭᠦᠯᠦᠯᠲᠡ ᠶᠢᠨ ᠬᠥᠲᠥᠴᠢ ᠠᠵᠤ ᠠᠬᠤᠢᠯᠠᠯ ᠤᠨ ᠨᠡᠢᠭᠡᠮᠯᠢᠭ      ᠥᠪᠥᠷ ᠮᠣᠩᠭᠤᠯ ᠤᠨ ᠪᠠᠶᠠᠨ ᠨᠣᠭᠤᠭᠠᠨ ᠦᠢᠯᠡᠰ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ                                 2025 ᠣᠨ ᠤ 3 ᠰᠠᠷ᠎ᠠ ᠶᠢᠨ 28 ᠤ ᠡᠳᠦᠷ   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ