ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠵᠢᠵᠢᠭᠯᠡᠨ ᠬᠤᠳᠠᠯᠳᠤᠬᠤ ᠵᠢᠦᠢ ᠲᠧᠦ ᠬᠤᠸᠠ ᠷᠦᠨ ᠸᠠᠨ ᠵᠢᠶᠠ ᠪᠣᠯᠤᠨ ᠪᠠᠶᠠᠨᠨᠠᠭᠤᠷ ᠬᠤᠲᠠ ᠶᠢᠨ ᠲᠠᠷᠢᠶᠠᠯᠠᠩ ᠤᠨ | ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠤᠳᠠᠯᠳᠤᠨ ᠠᠪᠬᠤ ᠠᠵᠢᠯ ᠵᠢᠩᠬᠢᠨᠢ ᠪᠠᠷ ᠡᠬᠢᠯᠡᠪᠡ᠂ ᠡᠨᠡ ᠨᠢ ᠪᠠᠶᠠᠨᠨᠠᠭᠤᠷ ᠬᠤᠲᠠ ᠶᠢᠨ ᠴᠢᠨᠠᠷ ᠰᠠᠢᠲᠠᠢ ᠮᠠᠯ | ᠲᠠᠷᠢᠶᠠᠯᠠᠩ ᠤᠨ ᠪᠦᠲᠦᠭᠡᠭᠳᠡᠬᠦᠨ ᠪᠦᠬᠦ ᠤᠯᠤᠰ ᠤᠨ ᠵᠠᠬ᠎ᠠ ᠳᠡᠯᠭᠡᠭᠦᠷ ᠵᠦᠭ ᠤᠷᠤᠭᠰᠢᠯᠠᠭᠰᠠᠨ ᠴᠢᠬᠤᠯᠠ ᠨᠢᠭᠡ ᠠᠯᠬᠤᠮ ᠪᠣᠯᠬᠤ ᠶᠢ ᠬᠠᠷᠠᠭᠤᠯᠵᠤ ᠪᠠᠢᠨ᠎ᠠ᠃ | ᠲᠦᠷᠦᠭᠦᠤ ᠪᠦᠯᠦᠭ ᠠᠮᠤ ᠪᠤᠳᠠᠭ᠎ᠠ ᠲᠣᠰᠣ᠂ ᠬᠢᠲᠠᠳ ︵ᠮᠣᠩᠭᠤᠯ︶ ᠡᠮ ᠤᠨ ᠮᠠᠲ᠋ᠧᠷᠢᠶᠠᠯ᠂ ᠰᠡᠯᠡᠭᠦᠴᠡᠯ ᠤᠨ ᠢᠳᠡᠭᠡᠨ ᠤ ᠭᠤᠷᠪᠠᠨ ᠶᠡᠭᠡ ᠲᠥᠷᠥᠯ ᠤᠨ ᠣᠳᠣᠨ | ᠪᠦᠲᠦᠭᠡᠭᠳᠡᠬᠦᠨ ᠢ ᠭᠠᠷᠭᠠᠵᠤ᠂ ᠵᠣᠣ ᠵᠢᠶᠦ᠋ᠨ ᠤᠯᠠᠭᠠᠨ ᠮᠠᠭᠢᠷᠰᠤ᠂ ᠸᠠᠩ ᠶᠧ ᠰᠢᠬᠢᠷ ᠡᠪᠡᠰᠦ᠂ ᠲᠠᠢ ᠱᠦᠨ NFC ᠰᠢᠷ᠎ᠠ ᠲᠥᠪᠡᠳ ᠬᠠᠰᠢ ᠶᠢᠨ ᠰᠢᠭᠦᠰᠦ ᠵᠡᠷᠭᠡ ︽ | ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠡᠷᠬᠡ ᠣᠯᠭᠤᠭᠰᠠᠨ ᠪᠦᠲᠦᠭᠡᠭᠳᠡᠬᠦᠨ ᠵᠢᠴᠢ ᠠᠷᠪᠠᠨ ᠬᠡᠳᠦᠨ ᠵᠦᠢᠯ ᠤᠨ ᠴᠢᠨᠠᠷ ᠰᠠᠶᠢᠲᠠᠶ ᠤᠨᠴᠠᠯᠢᠭᠳᠤ ᠪᠦᠲᠦᠭᠡᠭᠳᠡᠬᠦᠨ ᠢ | ᠬᠠᠮᠤᠷᠴᠤ᠂ ᠪᠠᠶᠠᠨᠨᠠᠭᠤᠷ ᠤᠨ ᠲᠠᠷᠢᠶᠠᠯᠠᠩ ᠤᠨ ᠪᠦᠲᠦᠭᠡᠭᠳᠡᠬᠦᠨ ᠤ ︽ᠪᠣᠬᠢᠷᠲᠤᠯ ᠥᠬᠡᠶ ᠣᠷᠭᠠᠨᠢᠭ᠂ ᠡᠷᠡᠭᠦᠯ ᠮᠡᠨᠳᠦ ᠶᠢᠨ ᠰᠢᠮ᠎ᠡ ᠲᠡᠵᠢᠭᠡᠯ︾ ᠤᠨ ᠶᠠᠰᠤ ᠴᠢᠨᠠᠷ ᠤᠨ | ᠳᠠᠪᠠᠭᠤᠯᠢᠭ ᠢ ᠢᠯᠡᠷᠡᠭᠦᠯᠪᠡ᠃ | ᠣᠳᠣᠬᠠᠨ ᠳᠤ᠂ ᠬᠤᠸᠠ ᠷᠦᠨ ᠸᠠᠨ ᠵᠢᠶᠠ ᠤᠮᠠᠷᠠᠲᠤ ᠣᠷᠣᠨ ᠤ ᠲᠢᠶᠠᠨᠵᠢᠨ ᠤ ᠰᠠᠩ᠂ ᠬᠤᠸᠠ ᠰᠢ ᠲᠣᠭᠤᠷᠢᠭ ᠤᠨ ᠰᠢ ᠠᠨ ᠼᠠᠩ ᠨᠢᠭᠡᠨᠲᠡ 1158 ᠬᠤᠪᠢ | ᠲᠠᠸᠠᠷ ᠢ ᠬᠥᠮᠥᠷᠭᠡ ᠳᠤ ᠣᠷᠣᠭᠤᠯᠬᠤ ᠵᠢᠴᠢ ᠵᠢᠶᠠᠰᠠ ᠳᠡᠭᠡᠷ᠎ᠡ ᠲᠠᠯᠪᠢᠭᠳᠠᠵᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠵᠢᠩᠬᠢᠨᠢ ᠪᠠᠷ ᠪᠥᠬᠦ ᠤᠯᠤᠰ ᠤᠨ | ᠭᠤᠤᠯᠳᠠᠯᠭ᠎ᠠ ᠲᠠᠢ ᠬᠤᠲᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ | ᠬᠤᠲᠠ ᠶᠢᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ︽ᠪᠣᠬᠢᠷᠲᠤᠯ ᠥᠬᠡᠶ ᠪᠦᠲᠦᠭᠡᠭᠳᠡᠬᠦᠨ ᠠᠴᠠ ᠴᠠᠶᠢᠵᠠ ᠭᠠᠷᠭᠠᠬᠤ︾ ᠪᠠᠷ ᠭᠠᠷᠳᠠᠴᠠ ᠪᠣᠯᠭᠠᠵᠤ᠂ ᠬᠤᠸᠠ ᠷᠦᠨ ᠸᠠᠨ | ᠵᠢᠶᠠ ᠵᠡᠷᠭᠡ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ︽ᠪᠣᠬᠢᠷᠲᠤᠯ ᠥᠬᠡᠶ ᠰᠠᠶᠢᠨ ᠦᠨᠦᠷ ᠠᠮᠲᠠ︾ ᠶᠢ | ᠪᠥᠬᠦ ᠤᠯᠤᠰ ᠲᠤ ᠬᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ | |