3 ᠰᠠᠷ᠎ᠠ ᠶᠢᠨ 25 ᠤ ᠡᠳᠦᠷ᠂ 112 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠰᠢᠬᠢᠷ ᠠᠷᠢᠬᠢ ᠶᠢᠨ ᠲᠠᠸᠠᠷ ᠤᠨ ᠠᠷᠠᠯᠵᠢᠶᠠᠨ ᠤ ᠴᠤᠭᠯᠠᠭᠠᠨ ᠴᠧᠩᠳᠦ᠋ ᠳᠤ | ᠡᠬᠢᠯᠡᠪᠡ᠃ ︽ᠲᠡᠭᠷᠢ ᠶᠢᠨ ᠬᠡᠰᠢᠭᠲᠦ ᠪᠣᠷᠣᠲᠣᠬᠤᠶ︾ 30 ᠭᠠᠷᠤᠶ ᠡᠷᠬᠡ ᠣᠯᠭᠤᠭᠰᠠᠨ ᠪᠦᠲᠦᠭᠡᠭᠳᠡᠬᠦᠨ ᠵᠢᠴᠢ ᠣᠯᠠᠨ ᠬᠡᠯᠪᠡᠷᠢ ᠶᠢᠨ ᠴᠢᠨᠠᠷ ᠰᠠᠶᠢᠲᠠᠶ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠡᠬᠢᠯᠡᠪᠡ᠃ | ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠦᠵᠡᠭᠦᠯᠦᠯᠭᠡ ᠶᠢᠨ ᠲᠣᠭᠤᠷᠢᠭ ᠲᠤ᠂ ᠪᠣᠷᠣᠲᠣᠬᠤᠢ ᠶᠢᠨ ᠪᠤᠭᠤᠳᠠᠢ ᠶᠢᠨ ᠭᠤᠯᠢᠷ᠂ ᠬᠤᠨᠢᠨ ᠮᠢᠬ᠎ᠠ᠂ ᠨᠠᠷᠠᠨ | ᠬᠤᠸᠠᠷ ᠤᠨ ᠦᠷ᠎ᠡ ᠶᠢᠨ ᠲᠣᠰᠣ ᠵᠢᠴᠢ ᠦᠶᠤᠸᠠᠨ ᠤ ᠰᠢᠷ᠎ᠠ ᠲᠥᠪᠡᠳ ᠬᠠᠰᠢ ᠵᠡᠷᠭᠡ ᠪᠠᠶᠠᠨᠨᠠᠭᠤᠷ ᠤᠨ ᠣᠨᠴᠠᠯᠢᠭᠲᠤ ᠪᠦᠲᠦᠭᠡᠭᠳᠡᠬᠦᠨ ᠢ ᠨᠠᠷᠢᠨ ᠨᠢᠮᠪᠠᠶ ᠳᠡᠯᠭᠡᠨ | ᠦᠵᠡᠭᠦᠯᠵᠦ᠂ ᠵᠢᠷᠤᠭ ᠲᠥᠯᠥᠪᠯᠡᠭᠡ ᠪᠠ ᠠᠮᠢᠳᠤᠯᠢᠭ ᠲᠠᠶᠢᠯᠪᠤᠷᠢᠯᠠᠯᠲᠠ ᠪᠠᠷ ᠳᠠᠮᠵᠢᠭᠤᠯᠤᠨ᠂ ᠪᠠᠶᠠᠨᠨᠠᠭᠤᠷ ᠢ ︽ᠪᠣᠭᠤᠮᠲᠠ ᠶᠢᠨ ᠭᠠᠳᠠᠨᠠᠬᠢ ᠠᠮᠤ ᠪᠤᠳᠠᠭᠠᠨ ᠤ ᠬᠥᠮᠥᠷᠭᠡ︾ | ᠶᠢᠨ ᠥᠪᠡᠷᠮᠢᠴᠡ ᠠᠮᠢ ᠠᠬᠤᠶ ᠶᠢᠨ ᠳᠠᠪᠠᠭᠤᠯᠢᠭ ᠪᠠ ᠤᠷᠠᠨ ᠳᠠᠷᠬᠠᠨ ᠤ ᠶᠠᠰᠤ ᠴᠢᠨᠠᠷ ᠢ ᠢᠯᠡᠷᠡᠭᠦᠯᠪᠡ᠃ | ᠦᠵᠡᠰᠬᠦᠯᠡᠩ ᠤᠨ ᠬᠤᠭᠤᠴᠠᠭᠠᠨ ᠳᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠦᠢᠯᠡᠳᠭᠦᠨ ᠣᠷᠭᠠᠨᠢᠭ᠂ ᠪᠣᠬᠢᠷᠲᠤᠯ ᠥᠬᠡᠶ᠂ ᠡᠷᠡᠭᠦᠯ ᠡᠩᠬᠡ ᠶᠠᠰᠤ | ᠴᠢᠨᠠᠷ ᠪᠠ ᠥᠪᠡᠷᠮᠢᠴᠡ ᠣᠨᠴᠠᠯᠢᠭ ᠲᠠᠢ ᠦᠨᠦᠷ ᠠᠮᠲᠠ ᠪᠠᠷ ᠢᠶᠠᠨ ᠪᠡᠭᠡᠵᠢᠩ᠂ ᠱᠠᠩᠬᠠᠶ᠂ ᠭᠤᠸᠠᠩᠵᠧᠦ ᠵᠡᠷᠭᠡ ᠨᠢᠭᠡᠳᠦᠭᠡᠷ ᠹᠷᠣᠨᠲ ᠤᠨ ᠬᠤᠲᠠ ᠶᠢᠨ 300 ᠭᠠᠷᠤᠶ | ᠬᠤᠳᠠᠯᠳᠤᠨ ᠠᠪᠬᠤ ᠬᠤᠳᠠᠯᠳᠤᠭᠠᠴᠢᠨ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠵᠤ᠂ ᠬᠠᠮᠲᠤᠷᠠᠯᠴᠠᠭᠠᠨ ᠤ ᠰᠠᠨᠠᠭ᠎ᠠ ᠪᠠᠨ ᠢᠯᠡᠳᠬᠡᠵᠦ᠂ ᠲᠠᠷᠠᠭᠠᠴᠢ ᠶᠢᠨ ᠵᠠᠬ᠎ᠠ | ᠳᠡᠯᠭᠡᠭᠦᠷ ᠢ ᠥᠷᠭᠡᠳᠬᠡᠬᠦ ᠪᠠ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | |