ᠪᠠᠶᠠᠨᠨᠠᠭᠤᠷ ᠬᠤᠲᠠ ᠶᠢᠨ ᠴᠢᠨᠠᠷ ᠰᠠᠶᠢᠲᠠᠶ ᠲᠠᠷᠢᠶᠠᠯᠠᠩ ᠤᠨ ᠭᠠᠷᠤᠯᠲᠠ ᠶᠢ ᠲᠠᠨᠢᠯᠴᠠᠭᠤᠯᠬᠤ ᠵᠢᠴᠢ ᠬᠤᠸᠠ ᠷᠦᠨ ᠪᠦᠯᠦᠭᠯᠡᠯ ᠤᠨ ᠠᠮᠲᠠᠲᠤ ᠢᠳᠡᠭᠡᠨ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠱᠧᠨᠵᠧᠨ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/4/23
      4 ᠰᠠᠷ᠎ᠠ ᠶᠢᠨ 9 ᠤ ᠡᠳᠦᠷ᠂ ︽ᠪᠠᠶᠠᠨᠨᠠᠭᠤᠷ ᠤᠨ ᠠᠮᠲᠠᠲᠤ ᠢᠳᠡᠭᠡᠨ ᠤ ᠠᠶᠠᠯᠠᠯ · ᠬᠤᠸᠠ ᠷᠦᠨ ᠢᠳᠡᠭᠡᠨ ᠤ ᠪᠠᠶᠢᠳᠠᠯ︾ ᠴᠢᠨᠠᠷ ᠰᠠᠶᠢᠲᠠᠢ ᠲᠠᠷᠢᠶᠠᠯᠠᠩ ᠤᠨ ᠭᠠᠷᠤᠯᠲᠠ ᠶᠢ ᠲᠠᠨᠢᠯᠴᠠᠭᠤᠯᠬᠤ ᠵᠢᠴᠢ ᠠᠮᠲᠠᠲᠤ ᠢᠳᠡᠭᠡᠨ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠱᠧᠨᠵᠧᠨ ᠤ ᠬᠤᠸᠠ ᠷᠦᠨ ᠪᠦᠯᠦᠭᠯᠡᠯ ᠳᠤ ᠶᠠᠪᠤᠭᠳᠠᠪᠠ᠃ ᠠᠵᠢᠯᠯᠠᠭ᠎ᠠ ᠨᠢ ᠦᠢᠯᠡᠳᠬᠦᠨ ᠤ ᠳᠡᠯᠭᠡᠨ ᠪᠣᠷᠣᠯᠠᠭᠤᠯᠤᠯᠲᠠ᠂ ᠠᠮᠲᠠᠲᠤ ᠢᠳᠡᠭᠡᠨ ᠢ ᠰᠢᠯᠭᠠᠨ ᠦᠨᠡᠯᠡᠬᠦ ᠵᠢᠴᠢ ᠠᠵᠤ ᠠᠬᠤᠶ ᠠᠷᠠᠯᠵᠢᠶᠠᠨ ᠤ ᠵᠥᠪᠳᠡᠯᠴᠡᠭᠡ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠶᠠᠨᠨᠠᠭᠤᠷ ᠬᠤᠲᠠ ᠶᠢᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠲᠠᠯ᠎ᠠ ᠪᠠᠷ ᠲᠠᠨᠢᠯᠴᠠᠭᠤᠯᠵᠤ᠂ ᠬᠤᠸᠠ ᠷᠦᠨ ᠪᠦᠯᠦᠭᠯᠡᠯ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠡᠷᠡᠭᠯᠡᠭᠡ ᠶᠢᠨ ᠲᠠᠰ ᠳᠡᠪᠰᠢᠬᠦ ᠳᠤ ᠬᠦᠴᠦᠨ ᠨᠡᠮᠡᠷᠢᠯᠡᠪᠡ᠃      ᠲᠤᠰ ᠤᠳᠠᠭᠠᠨ ᠤ ᠠᠵᠢᠯᠯᠠᠭ᠎ᠠ ᠶᠢᠨ ᠬᠤᠭᠤᠴᠠᠭ᠎ᠠ ᠨᠢ ᠭᠤᠷᠪᠠᠨ ᠡᠳᠦᠷ ᠪᠣᠯᠣᠨ᠎ᠠ᠃ ᠠᠵᠢᠯᠯᠠᠭ᠎ᠠ ᠶᠢᠨ ᠬᠤᠭᠤᠴᠠᠭᠠᠨ ᠳᠤ ︽ᠠᠮᠲᠠᠲᠤ ᠢᠳᠡᠭᠡᠨ ᠤ ᠵᠢᠶᠠ ᠨᠢᠶᠠᠨ ᠬᠤᠸᠠ︾ ᠪᠠ ︽ᠴᠢᠨᠠᠷ ᠰᠠᠶᠢᠲᠠᠶ ᠲᠠᠷᠢᠶᠠᠯᠠᠩ ᠤᠨ ᠦᠢᠯᠡᠳᠪᠦᠷᠢᠯᠡᠯ ᠤᠨ ᠳᠡᠯᠭᠡᠨ ᠪᠣᠷᠣᠯᠠᠭᠤᠯᠬᠤ︾ ᠬᠤᠶᠠᠷ ᠶᠡᠭᠡ ᠬᠡᠰᠡᠭ ᠢ ᠲᠣᠬᠢᠷᠠᠭᠤᠯᠵᠠᠶ᠃ ᠠᠮᠲᠠᠲᠤ ᠢᠳᠡᠭᠡᠨ ᠤ ᠵᠢᠶᠠ ᠨᠢᠶᠠᠨ ᠬᠤᠸᠠ ᠨᠢ ︽ᠨᠢᠭᠡ ᠡᠳᠦᠷ ᠨᠢᠭᠡ ᠭᠤᠣᠯ ᠰᠡᠳᠦᠪ︾ ᠤᠨ ᠬᠡᠯᠪᠡᠷᠢ ᠪᠠᠷ ᠪᠣᠷᠣ ᠲᠣᠬᠤᠢ ᠶᠢᠨ ᠦᠨᠦᠷ ᠠᠮᠲᠠ ᠶᠢ ᠢᠯᠡᠷᠡᠭᠦᠯᠵᠦ᠂ ᠪᠣᠷᠣ ᠲᠣᠬᠤᠢ ᠶᠢᠨ ᠲᠠᠲᠠᠮᠠᠯ ᠭᠤᠯᠢᠷ᠂ ᠣᠷᠭᠠᠨᠢᠭ ᠲᠥᠪᠡᠳ ᠬᠠᠰᠢ ᠶᠢᠨ ᠰᠢᠭᠦᠰᠦ᠂  ᠰᠢᠨ᠎ᠡ ᠰᠣᠷᠭᠤᠭ ᠬᠤᠨᠢᠨ ᠮᠢᠬᠠᠨ ᠤ ᠬᠡᠯᠬᠢᠶ᠎ᠡ᠂ ᠴᠢᠨᠠᠭᠰᠠᠨ ᠬᠤᠨᠢᠨ ᠮᠢᠬ᠎ᠠ᠂ ᠬᠤᠯᠢᠵᠤ ᠢᠰᠭᠡᠭᠰᠡᠨ ᠨᠣᠭᠤᠭ᠎ᠠ᠂ ᠭᠠᠵᠠᠷ ᠤᠨ ᠲᠡᠮᠳᠡᠭ ᠤᠨ ᠪᠦᠲᠦᠭᠡᠭᠳᠡᠬᠦᠨ ᠵᠡᠷᠭᠡ ᠰᠣᠩᠭᠤᠳᠠᠭ ᠠᠮᠲᠠᠲᠤ ᠢᠳᠡᠭᠡᠨ ᠢ ᠡᠭᠡᠯᠵᠢᠯᠡᠨ ᠲᠠᠯᠠᠪᠠᠢ ᠳᠤ ᠭᠠᠷᠴᠤ᠂ ᠪᠠᠶᠠᠨᠨᠠᠭᠤᠷ ᠬᠤᠲᠠ ᠶᠢᠨ ᠲᠤᠬᠠᠢ ᠶᠢᠨ ᠭᠠᠵᠠᠷ ᠤᠨ ᠲᠣᠭᠤᠭᠠᠴᠢ ᠨᠠᠷ ᠲᠤᠬᠠᠢ ᠶᠢᠨ ᠲᠠᠯᠠᠪᠠᠢ ᠳᠤ ᠬᠢᠵᠦ᠂  ᠣᠷᠣᠯᠴᠠᠭᠴᠢ ᠳᠤ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ  ᠰᠢᠨ᠎ᠡ ᠰᠣᠷᠭᠤᠭ ᠪᠠ ᠳᠠᠷᠬᠠᠨ ᠤ ᠰᠡᠳᠭᠢᠯ ᠢ ᠰᠢᠭᠤᠳ  ᠣᠶᠢᠯᠠᠭᠠᠨ᠎ᠠ᠃      ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠣᠭᠤᠷᠢᠭ ᠨᠢ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠡᠷᠬᠡ ᠣᠯᠭᠤᠭᠰᠠᠨ ᠦᠢᠯᠡᠳᠬᠦᠨ ᠬᠢᠭᠡᠳ ᠡᠯ᠎ᠡ ᠲᠥᠷᠥᠯ ᠤᠨ ᠴᠢᠨᠠᠷ ᠰᠠᠶᠢᠲᠠᠶ ᠲᠠᠷᠢᠶᠠᠯᠠᠩ ᠤᠨ ᠭᠠᠷᠤᠯᠲᠠ ᠵᠠᠭᠤ ᠭᠠᠷᠤᠶ ᠵᠦᠢᠯ ᠤᠨ ᠴᠢᠨᠠᠷ ᠰᠠᠶᠢᠲᠠᠶ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠠᠮᠤ ᠪᠤᠳᠠᠭ᠎ᠠ ᠲᠣᠰᠣ᠂ ᠴᠠᠭᠠᠨ ᠢᠳᠡᠭᠡᠨ᠂ ᠦᠬᠡᠷ ᠬᠤᠨᠢᠨ ᠮᠢᠬ᠎ᠠ᠂ ᠬᠢᠲᠠᠳ ᠮᠣᠩᠭᠤᠯ ᠡᠮ ᠤᠨ ᠮᠠᠲ᠋ᠧᠷᠢᠶᠠᠯ ᠵᠡᠷᠭᠡ ᠲᠥᠷᠥᠯ ᠵᠦᠢᠯ ᠢ ᠬᠠᠮᠤᠷᠴᠠᠶ᠃ ᠳᠡᠯᠭᠡᠨ ᠪᠣᠷᠣᠯᠠᠭᠤᠯᠬᠤ ᠶᠠᠪᠤᠴᠠ ᠳᠤ᠂ ᠢᠯᠠᠩᠭᠤᠶ᠎ᠠ ᠲᠠᠶᠢᠱᠦ᠋ᠨ ᠤ ᠣᠷᠭᠠᠨᠢᠭ ᠰᠢᠷ᠎ᠠ ᠲᠥᠪᠡᠳ ᠬᠠᠰᠢ ᠶᠢᠨ ᠰᠢᠭᠦᠰᠦ ᠨᠢ ᠠᠩᠬᠢᠯᠤᠮ᠎ᠠ ᠦᠨᠦᠷ ᠨᠢ ᠭᠦᠨ ᠵᠤᠵᠠᠭᠠᠨ ᠪᠥᠭᠡᠳ ᠥᠪᠡᠷᠮᠢᠴᠡ ᠣᠨᠴᠠᠯᠢᠭ ᠲᠠᠢ ᠪᠥᠭᠡᠳ ᠬᠥᠮᠦᠰ ᠤᠨ ᠲᠠᠭᠠᠰᠢᠶᠠᠯ ᠢ ᠣᠯᠤᠭᠰᠠᠨ ᠪᠠᠶᠢᠨ᠎ᠠ᠃  ᠬᠡᠷᠡᠭᠯᠡᠭᠴᠢᠳ ᠲᠦᠪᠡᠳ ᠬᠠᠰᠢ ᠶᠢᠨ ᠰᠢᠩᠭᠡᠨ ᠢ ᠠᠮᠲᠠᠯᠠᠭᠰᠠᠨ ᠤ ᠳᠠᠷᠠᠭ᠎ᠠ  ︽ᠢᠰᠬᠦᠯᠡᠩ ᠰᠢᠬᠢᠷ ᠤᠨ ᠬᠡᠮᠵᠢᠶ᠎ᠡ ᠰᠠᠶᠢᠬᠠᠨ ᠪᠠᠶᠢᠵᠤ᠂ ᠨᠠᠷᠠᠨ ᠳᠤ ᠰᠢᠷᠠᠵᠤ ᠪᠣᠯᠭᠤᠭᠰᠠᠨ ᠰᠢᠨ᠎ᠡ ᠰᠣᠷᠭᠤᠭ ᠢ ᠤᠤᠭᠤᠪᠠᠯ ᠵᠠᠬ᠎ᠠ ᠳᠡᠯᠭᠡᠭᠦᠷ ᠳᠡᠭᠡᠷᠡᠬᠢ ᠠᠵᠤ ᠦᠢᠯᠡᠳᠪᠦᠷᠢ ᠶᠢᠨ ᠵᠢᠮᠢᠰ ᠤᠨ ᠰᠢᠭᠦᠰᠦ ᠲᠠᠢ ᠪᠦᠷᠢᠮᠦᠰᠦᠨ ᠠᠳᠠᠯᠢ ᠦᠭᠡᠢ︾ ᠭᠡᠵᠦ ᠦᠨᠡᠯᠡᠨ᠎ᠡ᠃      ᠲᠣᠰ ᠤᠳᠠᠭᠠᠨ ᠤ ᠠᠵᠢᠯᠯᠠᠭ᠎ᠠ ᠨᠢ ᠠᠮᠲᠠᠲᠤ ᠢᠳᠡᠭᠡᠨ ᠪᠠ ᠰᠣᠶᠣᠯ ᠤᠨ  ᠦᠵᠡᠭᠦᠯᠭᠡ ᠶᠢᠨ ᠲᠠᠪᠴᠠᠩ ᠪᠣᠯᠬᠤ ᠪᠠᠷ ᠪᠠᠷᠠᠬᠤ ᠥᠬᠡᠶ᠂ ᠨᠠᠩ ᠴᠤ ᠬᠠᠮᠲᠤᠷᠠᠯᠴᠠᠭ᠎ᠠ ᠰᠣᠯᠢᠯᠴᠠᠭ᠎ᠠ ᠶᠢᠨ ᠬᠥᠭᠦᠷᠭᠡ ᠪᠣᠯᠤᠨ᠎ᠠ᠃ ︽ᠲᠡᠭᠷᠢ ᠶᠢᠨ ᠬᠡᠰᠢᠭᠲᠦ ᠪᠣᠷᠣᠲᠣᠬᠤᠶ︾ ᠨᠢ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠰᠦᠪᠡᠭᠴᠢᠯᠡᠵᠦ᠂ ᠲᠠᠷᠢᠶᠠᠯᠠᠩ ᠤᠨ ᠠᠵᠤ ᠦᠢᠯᠡᠰ ᠤᠨ ᠲᠠᠰ ᠳᠡᠪᠰᠢᠬᠦ ᠶᠢ ᠬᠠᠮᠲᠤ ᠪᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠡᠷᠡᠭᠯᠡᠭᠴᠢᠳ ᠲᠤ ᠨᠠᠩ ᠣᠯᠠᠨ ᠪᠣᠬᠢᠷᠲᠤᠯ ᠥᠬᠡᠶ ᠡᠷᠡᠭᠦᠯ ᠰᠠᠷᠠᠭᠤᠯ ᠰᠢᠯᠢᠳᠡᠭ ᠪᠦᠲᠦᠭᠡᠭᠳᠡᠬᠦᠨ ᠢ ᠠᠪᠴᠢᠷᠠᠵᠤ ᠥᠭᠭᠦᠨ᠎ᠡ ᠭᠡᠪᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ