4 ᠰᠠᠷ᠎ᠠ ᠶᠢᠨ 19 ᠤ ᠡᠳᠦᠷ᠂ ᠯᠢᠨ ᠾᠧ ᠲᠣᠭᠤᠷᠢᠭ ᠤᠨ ᠳᠣᠯᠣᠳᠤᠭᠠᠷ ᠬᠤᠭᠤᠴᠠᠭᠠᠨ ᠤ ᠯᠢ ᠬᠤᠸᠠ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ | ᠭᠠᠨᠵᠤᠤᠷ ᠰᠦᠮ᠎ᠡ ᠪᠠᠯᠭᠠᠰᠤᠨ ᠤ ᠮᠢᠨ ᠵᠦ ᠲᠣᠰᠬᠤᠨ ᠤ ᠳᠥᠷᠪᠡᠨ ᠳᠤᠭᠤᠶᠢᠯᠠᠩ ᠳᠤ ᠡᠬᠢᠯᠡᠪᠡ᠃ | ᠲᠣᠰ ᠬᠤᠭᠤᠴᠠᠭᠠᠨ ᠤ ᠠᠵᠢᠯᠯᠠᠭ᠎ᠠ ᠨᠢ ︽ᠯᠢ ᠶᠦᠨ ᠪᠣᠷᠣᠲᠣᠬᠤᠶ ᠴᠡᠴᠡᠭ ᠳᠡᠯᠭᠡᠷᠡᠵᠦ ᠯᠢᠨ ᠾᠧ︾ ᠪᠠᠷ ᠭᠤᠤᠯ ᠰᠡᠳᠦᠪ ᠪᠣᠯᠭᠠᠵᠤ᠂ 14 ᠵᠦᠢᠯ ᠤᠨ | ᠰᠣᠶᠣᠯ ᠤᠨ ᠠᠭᠤᠯᠤᠭᠳᠠᠬᠤᠨ᠂ ᠠᠮᠢ ᠠᠬᠤᠶ ᠶᠢᠨ ᠭᠤᠶᠣ ᠦᠵᠡᠮᠵᠢ ᠬᠢᠭᠡᠳ ᠠᠷᠠᠳ ᠤᠨ ᠳᠤᠮᠳᠠᠬᠢ ᠤᠲᠤᠭ᠎ᠠ ᠶᠢᠨ ᠭᠤᠶᠢᠳᠠ ᠰᠠᠶᠢᠬᠠᠨ ᠠᠭᠤᠯᠭ᠎ᠠ ᠶᠢ | ᠪᠡᠯᠡᠳᠬᠡᠪᠡ᠃ | 19 ᠤ ᠡᠳᠦᠷ ᠤᠨ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠠᠵᠢᠯᠯᠠᠭ᠎ᠠ ᠶᠢᠨ ᠭᠤᠣᠯ ᠬᠤᠷᠠᠯ ᠤᠨ ᠲᠠᠯᠠᠪᠠᠢ ᠨᠢᠵᠢᠭᠢᠨᠡᠵᠦ᠂ ᠳᠠᠭᠤᠤ ᠪᠥᠵᠢᠭ ᠤᠨ | ᠲᠣᠭᠯᠠᠯᠲᠠ ᠪᠠᠷ ᠡᠬᠢᠯᠡᠪᠡ᠃ ᠲᠤᠬᠠᠶ ᠶᠢᠨ ᠲᠠᠯᠠᠪᠠᠶ ᠳᠤ ᠪᠠᠰᠠ ᠬᠠᠯᠠᠭᠤᠨ ᠬᠡᠶᠢᠲᠦ ᠪᠥᠮᠪᠦᠭᠡ ᠠᠶᠠᠨᠴᠢᠳ ᠢ ᠠᠴᠢᠵᠤ ᠠᠯᠭᠤᠷᠬᠠᠨ ᠣᠭᠲᠠᠷᠭᠤᠶ ᠳᠤ ᠳᠡᠭᠦᠯᠢᠨ | ᠵᠢᠭᠤᠯᠴᠢᠯᠠᠭᠰᠠᠳ ᠢ ᠥᠨᠳᠥᠷ ᠣᠭᠲᠠᠷᠭᠤᠶ ᠳᠤ ᠥᠩᠭᠡ ᠪᠠᠷ ᠠᠵᠢᠨᠠᠶ᠃ ᠬᠢᠲᠠᠳ ᠬᠤᠪᠴᠠᠰᠤᠨ ᠤ ᠳᠤᠷ᠎ᠠ ᠪᠠᠭ᠋ᠠᠲᠠᠳ ᠬᠠᠷᠢᠨ ᠪᠠᠩᠵᠠᠯ ᠡᠮᠦᠰᠴᠦ ᠯᠢ ᠶᠤᠸᠠᠨ | ᠵᠢᠵᠢᠭ ᠵᠠᠮ ᠤᠨ ᠬᠤᠭᠤᠷᠣᠨᠳᠣ ᠠᠯᠬᠤᠵᠤ ᠪᠠᠢᠨ ᠳᠠᠬᠢᠨ ᠭᠡᠷᠡᠯ ᠵᠢᠷᠤᠭ ᠠᠪᠴᠤ ᠳᠤᠷᠠᠰᠬᠠᠯ ᠦᠯᠡᠳᠡᠭᠡᠪᠡ᠃ ᠲᠠᠢ ᠵᠢᠢ ᠨᠢᠳᠤᠷᠭᠠᠨ ᠡᠷᠳᠡᠮ ᠤᠨ ᠨᠡᠶᠢᠭᠡᠮᠯᠢᠭ ᠤᠨ | ᠲᠣᠭᠯᠠᠭᠴᠢᠳ ᠪᠠᠶᠠᠷᠯᠠᠬᠤ ᠶᠢᠨ ᠳᠠᠭᠠᠤ ᠵᠤᠭᠠᠴᠠᠭᠰᠠᠳ ᠤᠨ ᠮᠠᠭᠲᠠᠭᠠᠯ ᠰᠠᠶᠢᠰᠢᠶᠠᠯ ᠢ ᠣᠯᠵᠠᠢ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠠᠮᠲᠠᠲᠤ ᠢᠳᠡᠭᠡᠨ ᠤ ᠲᠣᠭᠤᠷᠢᠭ ᠲᠠᠢ ᠪᠠᠶᠢᠵᠤ᠂ ᠵᠠᠭᠤᠨ ᠮᠧᠲᠷ ᠤᠨ ᠣᠷᠳᠣ ᠰᠢᠷᠡᠭᠡᠨ ᠤ | ᠳᠠᠶᠢᠯᠠᠯᠭ᠎ᠠ ᠶᠢᠨ ᠲᠥᠪᠯᠡᠷᠡᠯ ᠤᠨ ᠴᠡᠭ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ︽ᠥᠩᠭᠡ ᠢᠯᠭᠠᠷᠠᠭᠰᠠᠨ ᠤᠮᠠᠷᠠᠲᠤ ᠬᠢᠯᠢ ᠯᠢᠨ ᠾᠧ ᠳᠤ ᠲᠣᠭᠤᠷᠢᠨ | ᠦᠵᠡᠬᠦ︾ ᠰᠢᠯᠦᠭ ᠤᠨ ᠵᠠᠳᠠᠭᠠᠢ ᠵᠣᠬᠢᠶᠠᠯ ᠤᠨ ᠤᠩᠰᠢᠯᠭ᠎ᠠ ᠶᠢᠨ ᠬᠤᠷᠠᠯ᠂ ︽ᠠᠯᠢᠮ᠎ᠠ ᠶᠢᠨ ᠪᠣᠳᠣᠯ ᠲᠠᠢ ᠭᠡᠷ ᠪᠦᠯᠢ · ᠨᠢᠭᠡ ᠮᠣᠳᠣ ᠲᠡᠵᠢᠭᠡᠬᠦ︾ ᠵᠡᠷᠭᠡ | ᠠᠵᠢᠯᠯᠠᠭ᠎ᠠ ᠨᠢ ᠲᠤᠰ ᠲᠤᠰ ᠤᠨ ᠣᠨᠴᠠᠯᠢᠭ ᠲᠠᠢ ᠪᠠᠶᠢᠵᠤ᠂ ᠵᠤᠭᠠᠴᠠᠭᠰᠠᠳ ᠤᠨ ᠵᠤᠭᠠᠴᠠᠯ ᠢ ᠪᠠᠶᠠᠯᠢᠭᠵᠢᠭᠤᠯᠪᠠ᠃ | ᠲᠣᠰ ᠬᠤᠭᠤᠴᠠᠭᠠᠨ ᠤ ᠠᠵᠢᠯᠯᠠᠭ᠎ᠠ ᠶᠢ ᠯᠢᠨ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠯᠢᠨ | ᠾᠧ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠭᠠᠨᠵᠤᠤᠷ ᠰᠦᠮ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠠᠭᠠᠭᠠᠨ | ᠡᠷᠭᠢᠯᠡᠵᠦ᠂ 5 ᠰᠠᠷ᠎ᠠ ᠶᠢᠨ 5 ᠤ ᠡᠳᠦᠷ ᠪᠣᠯᠲᠠᠯ᠎ᠠ ᠦᠷᠭᠦᠯᠵᠢᠯᠡᠨ᠎ᠡ᠃ ᠡᠨᠡ ᠬᠤᠭᠤᠴᠠᠭᠠᠨ ᠳᠤ᠂ ᠬᠤᠲᠠ ᠶᠢᠨ ᠠᠷᠠᠳ ᠠᠯᠢᠮ᠎ᠠ ᠶᠢᠨ ᠬᠦᠷᠢᠶᠡᠯᠡᠩ ᠤᠨ ᠲᠡᠭᠦᠬᠦ᠂ | ᠭᠠᠷ ᠤᠨ ᠠᠶ᠎ᠠ ᠪᠠᠷ ᠰᠡᠭᠦᠳᠡᠷᠯᠡᠬᠦ ᠤᠷᠤᠯᠳᠤᠭᠠᠨ ᠵᠡᠷᠭᠡ ᠲᠥᠷᠥᠯ ᠵᠦᠢᠯ ᠳᠤ ᠣᠷᠣᠯᠴᠠᠵᠤ ᠪᠣᠯᠤᠨ᠎ᠠ᠃ | | |