4 ᠰᠠᠷ᠎ᠠ ᠶᠢᠨ ᠬᠠᠪᠤᠷ ᠤᠨ ᠰᠠᠯᠬᠢ ᠪᠣᠷᠣᠲᠣᠬᠤᠢ ᠶᠢᠨ ᠲᠠᠯ᠎ᠠ ᠭᠠᠵᠠᠷ ᠢ ᠭᠡᠲᠦᠯᠵᠦ᠂ ᠲᠣᠭᠤᠷᠢᠬᠤ ᠪᠠᠯᠭᠠᠰᠤᠨ ᠤ ᠯᠢᠶᠠᠨ ᠹᠧᠩ ᠲᠣᠰᠬᠤᠨ ᠳᠤ ᠥᠩᠭᠡ | ᠬᠤᠯᠢᠯᠳᠤᠭᠰᠠᠨ ᠴᠡᠴᠡᠭ ᠤᠨ ᠳᠠᠯᠠᠢ ᠪᠣᠯᠤᠨ᠎ᠠ᠃ | ᠯᠢᠶᠠᠨ ᠹᠧᠩ ᠲᠣᠰᠬᠤᠨ ᠳᠤ ᠠᠯᠬᠤᠨ ᠣᠷᠣᠬᠤ ᠳᠤ᠂ ᠲᠣᠰᠬᠤᠨ ᠤ ᠵᠠᠮ ᠤᠨ ᠬᠤᠶᠠᠷ ᠬᠠᠵᠠᠭᠤ ᠪᠠᠷ ᠲᠤᠭᠤᠷ ᠤᠨ ᠴᠡᠴᠡᠭ ᠭᠦᠢᠯᠡᠰᠦ ᠶᠢᠨ ᠴᠡᠴᠡᠭ | ᠥᠷᠢᠰᠥᠯᠳᠦᠨ ᠳᠡᠯᠭᠡᠷᠡᠵᠦ᠂ ᠲᠤᠭᠤᠷ ᠤᠨ ᠴᠡᠴᠡᠭ ᠨᠢ ᠰᠠᠯᠠᠭ᠎ᠠ ᠨᠠᠮᠠᠭ᠎ᠠ ᠪᠠᠷ ᠳᠦᠭᠦᠷᠴᠦ᠂ ᠲᠠᠷᠢᠶᠠᠴᠢᠨ ᠠᠶᠢᠯ ᠤᠨ ᠬᠦᠷᠢᠶ᠎ᠡ ᠬᠠᠰᠢᠶ᠎ᠠ ᠲᠠᠢ ᠥᠩᠭᠡ ᠢᠯᠭᠠᠷᠠᠨ | ᠬᠠᠷᠠᠭᠳᠠᠨ᠎ᠠ᠃ ᠤᠢᠢᠷ᠎ᠠ ᠶᠢᠨ ᠵᠢᠯ ᠠᠴᠠ᠂ ᠲᠣᠭᠤᠷᠢᠬᠤ ᠪᠠᠯᠭᠠᠰᠤ ᠨᠢ ᠴᠡᠴᠡᠭ ᠢᠶᠠᠷ ᠵᠠᠭᠤᠴᠢ ᠪᠣᠯᠭᠠᠵᠤ᠂ ᠪᠠᠶᠠᠷ ᠨᠠᠶᠢᠷ ᠢᠶᠠᠷ ᠨᠠᠶᠢᠵᠠ ᠪᠤᠯᠵᠤ᠂ ᠠᠮᠢ ᠠᠬᠤᠢ ᠶᠢᠨ | ᠦᠷᠳᠡᠭ ᠢ ᠠᠵᠤ ᠠᠬᠤᠢ ᠶᠢᠨ ᠦᠷᠳᠡᠭ ᠪᠣᠯᠭᠠᠨ ᠥᠨᠳᠥᠷ ᠪᠦᠲᠦᠮᠵᠢᠲᠡᠢ ᠬᠤᠪᠢᠷᠠᠭᠤᠯᠬᠤ ᠶᠢ ᠠᠬᠢᠭᠤᠯᠪᠠ᠃ 2024 ᠣᠨ ᠳᠤ᠂ ᠪᠥᠬᠦ ᠪᠠᠯᠭᠠᠰᠤᠨ ᠤ | ᠵᠤᠭᠠᠴᠠᠭᠰᠠᠳ ᠢ 10 ᠲᠦᠮᠡ ᠰᠢᠬᠠᠮ ᠬᠥᠮᠦᠨ ᠤᠳᠠᠭ᠎ᠠ ᠭᠥᠯᠢᠶᠡᠨ ᠠᠪᠴᠤ᠂ ᠲᠣᠰᠬᠤᠨ ᠤ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ 2000 | ᠲᠥᠭᠦᠷᠢᠭ ᠣᠷᠴᠢᠮ ᠨᠡᠮᠡᠭᠳᠡᠭᠦᠯᠪᠡ᠃ | ᠣᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠴᠢᠬᠤᠯᠠ ᠵᠦᠴᠦᠭᠡ ᠪᠣᠯᠤᠭᠰᠠᠨ ᠤ ᠬᠤᠪᠢ ᠳᠤ᠂ ᠲᠣᠭᠤᠷᠢᠬᠤ ᠪᠠᠯᠭᠠᠰᠤᠨ ᠤ | ᠳᠥᠷᠪᠡᠳᠦᠭᠡᠷ ᠬᠤᠭᠤᠴᠠᠭᠠᠨ ᠤ ᠯᠢ ᠬᠤᠸᠠ ᠰᠣᠶᠣᠯ ᠵᠢᠭᠤᠯᠴᠢᠯᠠᠯ ᠤᠨ ᠤᠯᠠᠷᠢᠯ 4 ᠰᠠᠷ᠎ᠠ ᠶᠢᠨ 25 ᠤ ᠡᠳᠦᠷ ᠡᠬᠢᠯᠡᠨ᠎ᠡ᠃ ︽ᠲᠣᠰ ᠬᠤᠭᠤᠴᠠᠭᠠᠨ ᠤ | ᠠᠯᠢᠮ᠎ᠠ ᠶᠢᠨ ᠴᠡᠴᠡᠭ ᠤᠨ ᠨᠠᠶᠢᠷ ᠤᠨ ᠰᠢᠨ᠎ᠡ ᠶᠢ ᠡᠭᠦᠳᠴᠦ ᠳᠤᠮᠳᠠᠳᠤ ᠭᠠᠳᠠᠭᠠᠳᠤ ᠶᠢᠨ ᠪᠠᠶᠢᠯᠳᠤᠭᠠᠨ ᠤ ᠤᠷᠤᠯᠳᠤᠭᠠᠨ᠂ ᠪᠣᠳᠠᠰ ᠤᠨ ᠪᠤᠰᠤ ᠰᠣᠶᠣᠯ ᠤᠨ | ᠥᠪ ᠤᠨ ᠠᠮᠲᠠᠲᠤ ᠢᠳᠡᠭᠡᠨ ᠤ ᠲᠤᠬᠠᠶ ᠶᠢᠨ ᠲᠠᠯᠠᠪᠠᠶ ᠳᠤ ᠳᠡᠯᠭᠡᠨ ᠪᠣᠷᠣᠯᠠᠭᠤᠯᠬᠤ᠂ ᠰᠢᠬᠢᠷᠯᠢᠭ ᠪᠣᠣᠪᠤ ᠬᠠᠭᠰᠠᠭᠠᠬᠤ ᠶᠢ ᠪᠡᠶᠡᠴᠢᠯᠡᠨ ᠣᠶᠢᠯᠠᠭᠠᠬᠤ ᠵᠡᠷᠭᠡ ᠣᠯᠠᠨ | ᠡᠰᠢᠲᠦ ᠡᠵᠡᠩᠨᠡᠯᠲᠡ ᠶᠢᠨ ᠪᠠᠶᠢᠳᠠᠯ ᠳᠤ ᠠᠭᠤᠰᠤᠯᠴᠠᠵᠤ᠂ ︿ᠰᠣᠶᠣᠯ ᠵᠢᠭᠤᠯᠴᠢᠯᠠᠯ + ᠪᠡᠶ᠎ᠡ ᠶᠢᠨ ᠲᠠᠮᠢᠷ ᠵᠢᠭᠤᠯᠴᠢᠯᠠᠯ + ᠪᠣᠳᠠᠰ ᠤᠨ ᠪᠤᠰᠤ ᠰᠣᠶᠣᠯ ᠤᠨ ᠥᠪ﹀ | ᠤᠨ ᠬᠢᠯᠢ ᠠᠯᠤᠰᠯᠠᠨ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠰᠣᠶᠣᠯ ᠤᠨ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ | ᠬᠥᠭᠵᠢᠭᠡᠨ᠎ᠡ︾ ᠭᠡᠵᠦ ᠲᠣᠭᠤᠷᠢᠬᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠯᠠᠨ ᠮᠠᠢ ᠴᠢᠨ ᠲᠠᠨᠢᠯᠴᠠᠭᠤᠯᠤᠨ ᠬᠡᠯᠡᠪᠡ᠃ | ᠴᠡᠴᠡᠭ ᠤᠨ ᠦᠨᠦᠷ ᠬᠠᠩᠬᠤᠯᠵᠤ ᠵᠣᠴᠢᠳ ᠬᠦᠷᠴᠦ ᠢᠷᠡᠯ᠎ᠡ᠃ ᠲᠣᠭᠤᠷᠢᠬᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠯᠢ ᠬᠤᠸᠠ ᠰᠣᠶᠣᠯ ᠤᠨ | ᠨᠠᠶᠢᠷ ᠣᠶᠢᠷᠠᠳᠬᠤ ᠶᠢ ᠳᠠᠭᠠᠯᠳᠤᠨ᠂ ᠯᠢᠶᠠᠨ ᠹᠧᠩ ᠲᠣᠰᠬᠤᠨ ᠨᠠᠢᠮᠠᠨ ᠵᠦᠭ ᠤᠨ ᠵᠣᠴᠢᠳ ᠢ ᠤᠷᠢᠵᠤ ᠬᠠᠮᠲᠤ ᠪᠠᠷ ᠴᠡᠴᠡᠭ ᠢ ᠬᠥᠭᠵᠢᠭᠦᠯᠬᠦ ᠪᠣᠯᠵᠤᠭ᠎ᠠ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠤᠭ ᠵᠢᠪᠬᠤᠭ᠎ᠠ ᠶᠢ ᠭᠡᠷᠡᠴᠢᠯᠡᠪᠡ᠃ | | |