ᠣᠨᠣᠪᠴᠢᠲᠠᠶ ᠪᠥᠭᠡᠳ ᠪᠦᠲᠦᠮᠵᠢᠲᠡᠶ ᠪᠠᠷ ᠠᠷᠠᠯᠵᠢᠶᠠᠴᠢᠨ ᠤᠷᠢᠬᠤ ᠶᠢ ᠠᠳᠬᠤᠨ᠎ᠠ | ᠨᠢᠭᠡ ᠳᠤ᠂ ᠠᠷᠠᠯᠵᠢᠶᠠᠴᠢᠨ ᠤᠷᠢᠬᠤ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠎ᠠ᠃ | ᠠᠵᠤ ᠦᠶ᠋ᠯᠡᠰ ᠪᠠ ᠠᠵᠤ ᠦᠢᠯᠡᠰ ᠤᠨ ᠬᠡᠯᠬᠢᠶᠡᠵᠢᠯ ᠤᠨ ᠪᠠᠶᠢᠷᠢ ᠲᠣᠭᠲᠠᠭᠠᠯᠲᠠ᠂ ᠭᠤᠤᠯᠳᠠᠯᠭ᠎ᠠ ᠲᠠᠢ ᠣᠷᠣᠨ ᠪᠦᠰᠡ ᠶᠢᠨ ᠪᠠᠶᠢᠷᠢ ᠲᠣᠭᠲᠠᠭᠠᠯᠲᠠ᠂ | ᠬᠠᠷᠠᠯᠳᠠᠳᠤ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶᠡᠵᠢᠯ ᠤᠨ ᠠᠷᠠᠯᠵᠢᠶᠠᠴᠢᠨ ᠤᠷᠢᠬᠤ | ᠵᠢᠷᠤᠭ ᠢ ᠣᠨᠣᠪᠴᠢᠲᠠᠶ ᠵᠢᠷᠤᠭᠯᠠᠨ ᠲᠦᠰᠦᠪᠯᠡᠵᠦ᠂ ᠬᠠᠨᠳᠤᠯᠭᠠᠲᠤ ᠴᠢᠨᠠᠷᠲᠠᠶ ᠪᠠᠷ ᠠᠷᠠᠯᠵᠢᠶᠠᠴᠢᠨ ᠤᠷᠢᠬᠤ᠂ ᠣᠨᠣᠪᠴᠢᠲᠠᠶ ᠪᠠᠷ ᠠᠷᠠᠯᠵᠢᠶᠠᠴᠢᠨ ᠤᠷᠢᠬᠤ ᠶᠢ | ᠶᠠᠪᠤᠭᠳᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ︽ᠲᠠᠩ ᠭᠠᠭᠴᠠ ᠲᠥᠷᠥᠯ ᠵᠦᠢᠯ᠂ ᠲᠠᠩ ᠭᠠᠭᠴᠠ ᠠᠵᠤ ᠠᠬᠤᠶᠢᠯᠠᠯ︾ | ᠪᠠᠶᠢᠭᠰᠠᠨ ᠠᠴᠠ ᠪᠠᠨ ︽ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠵᠤ᠂ ᠠᠵᠤ ᠦᠢᠯᠡᠰ ᠤᠨ ᠪᠦᠯᠦᠭᠵᠢᠨ ᠬᠦᠭᠵᠢᠬᠦ ᠶᠢ ᠠᠬᠢᠭᠤᠯᠬᠤ︾ | ᠲᠡᠶᠢᠰᠢ ᠬᠤᠪᠢᠷᠠᠭᠤᠯᠤᠨ᠎ᠠ᠃ | ᠬᠤᠶᠠᠷ ᠲᠤ᠂ ᠠᠷᠠᠯᠵᠢᠶᠠᠴᠢᠨ ᠤᠷᠢᠬᠤ ᠲᠣᠭᠲᠠᠴᠠ ᠶᠢ ᠰᠢᠯᠢᠳᠡᠭᠵᠢᠭᠦᠯᠦᠨ᠎ᠡ᠃ | ︽ᠨᠢᠭᠡ ᠬᠤᠰᠢᠭᠤ ᠰᠢᠶᠠᠨ ᠤ ᠱᠠᠲᠤᠨ ᠤ ᠤᠳᠤᠷᠢᠳᠤᠯᠭ᠎ᠠ᠂ ᠨᠢᠭᠡ ᠠᠵᠤ ᠦᠢᠯᠡᠰ ᠤᠨ ᠬᠡᠯᠬᠢᠶᠡᠵᠢᠯ᠂ ᠨᠢᠭᠡ ᠠᠵᠢᠯᠯᠠᠬᠤ ᠳᠤᠭᠤᠶᠢᠯᠠᠩ᠂ ᠨᠢᠭᠡ ᠢᠵᠢ | ᠠᠷᠠᠯᠵᠢᠶᠠᠴᠢᠨ ᠤᠷᠢᠬᠤ ᠮᠠᠲ᠋ᠧᠷᠢᠶᠠᠯ᠂ ᠨᠢᠭᠡ ᠠᠷᠠᠯᠵᠢᠶᠠᠴᠢᠨ ᠤᠷᠢᠬᠤ ᠲᠥᠯᠥᠪᠯᠡᠭᠡ︾ ᠲᠠᠪᠤᠨ ᠨᠢᠭᠡ ᠶᠢᠨ ᠠᠵᠢᠯ ᠤᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ | ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠬᠢᠭᠡᠳ ᠭᠤᠷᠪᠠᠳᠠᠬᠢ ᠡᠲᠡᠭᠡᠳ ᠤᠨ ᠰᠢᠢᠳᠪᠦᠷᠢᠲᠦ ᠪᠣᠳᠣᠯᠭ᠎ᠠ ᠶᠢᠨ ᠲᠦᠷᠢᠮ ᠲᠣᠭᠲᠠᠴᠠ ᠶᠢ | ᠲᠡᠭᠦᠯᠳᠡᠷᠵᠢᠭᠦᠯᠦᠨ ᠪᠠᠶᠢᠭᠤᠯᠵᠤ᠂ ᠪᠥᠬᠦ ᠲᠠᠯ᠎ᠠ ᠪᠠᠷ ᠠᠷᠠᠯᠵᠢᠶᠠᠴᠢᠨ ᠤᠷᠢᠬᠤ᠂ ᠪᠥᠬᠦ ᠬᠦᠴᠦᠨ ᠢᠶᠠᠷ ᠢᠶᠠᠨ ᠠᠷᠠᠯᠵᠢᠶᠠᠴᠢᠨ ᠤᠷᠢᠬᠤ ᠠᠵᠢᠯ ᠤᠨ ᠰᠢᠨ᠎ᠡ | ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ | ᠭᠤᠷᠪᠠ ᠳᠤ᠂ ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ | ᠲᠥᠪᠯᠡᠷᠡᠭᠦᠯᠦᠨ ᠪᠣᠯᠪᠠᠰᠤᠷᠠᠭᠤᠯᠬᠤ᠂ ᠠᠵᠤ ᠦᠢᠯᠡᠰ ᠢ ᠰᠤᠳᠤᠯᠤᠨ ᠰᠤᠷᠤᠯᠴᠠᠬᠤ᠂ ᠠᠷᠠᠯᠵᠢᠶᠠᠴᠢᠨ ᠤᠷᠢᠬᠤ ᠪᠤᠳᠠᠳᠤ ᠦᠢᠯᠡᠳᠦᠯᠭᠡ ᠶᠢᠨ ︽ᠭᠤᠷᠪᠠᠨ | ᠶᠡᠭᠡ ᠠᠵᠢᠯᠯᠠᠭ᠎ᠠ︾ ᠶᠢ ᠪᠠᠶᠢᠩᠭᠤᠵᠢᠭᠤᠯᠤᠨ ᠥᠷᠨᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠴᠢᠳᠠᠪᠤᠷᠢᠲᠠᠳ ᠢ ᠶᠡᠬᠡᠪᠡᠷ ᠣᠷᠢᠨ ᠣᠷᠤᠭᠤᠯᠵᠤ᠂ | ᠬᠤᠰᠢᠭᠤᠨ ᠤ ᠪᠠᠶᠢᠳᠠᠯ ᠢ ᠣᠶᠢᠯᠠᠭᠠᠬᠤ᠂ ᠠᠵᠤ ᠦᠢᠯᠡᠰ ᠢ ᠣᠶᠢᠯᠠᠭᠠᠬᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠲᠥᠷᠥᠯ ᠵᠦᠢᠯ ᠢ ᠣᠶᠢᠯᠠᠭᠠᠬᠤ ᠪᠠ | ᠶᠠᠷᠢᠵᠤ ᠢᠯᠡᠳᠭᠡᠬᠦ ᠪᠠᠷ ᠴᠢᠳᠠᠮᠠᠭᠠᠶ ︽ᠳᠥᠷᠪᠡ ᠶᠢ ᠣᠶᠢᠯᠠᠭᠠᠵᠤ ᠨᠢᠭᠡ ᠳᠤ ᠴᠢᠳᠠᠮᠠᠭᠠᠢ︾ ᠲᠤᠰᠬᠠᠶᠢᠵᠢᠭᠰᠠᠨ ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠤᠨ᠎ᠠ᠃ | | ᠳᠥᠷᠪᠡ ᠳᠤ᠂ ᠠᠷᠠᠯᠵᠢᠶᠠᠴᠢᠨ ᠤᠷᠢᠬᠤ ᠵᠠᠭᠪᠤᠷ ᠤᠨ ᠰᠢᠨ᠎ᠡ ᠶᠢ ᠡᠭᠦᠳᠦᠨ᠎ᠡ᠃ | ᠲᠠᠨᠢᠯᠴᠠᠭᠤᠯᠭ᠎ᠠ ᠶᠢᠨ ᠬᠡᠯᠪᠡᠷᠢ ᠪᠠᠷ ᠠᠷᠠᠯᠵᠢᠶᠠᠴᠢᠨ ᠤᠷᠢᠬᠤ ᠂ ᠵᠠᠭᠤᠴᠢ ᠶᠢᠨ ᠬᠡᠯᠪᠡᠷᠢ ᠪᠠᠷ ᠠᠷᠠᠯᠵᠢᠶᠠᠴᠢᠨ ᠤᠷᠢᠬᠤ᠂ ᠴᠡᠭ ᠲᠤ ᠰᠠᠭᠤᠵᠤ ᠠᠷᠠᠯᠵᠢᠶᠠᠴᠢᠨ | ᠤᠷᠢᠬᠤ᠂ ᠲᠣᠭᠠᠴᠢᠯᠠᠭᠰᠠᠨ ᠬᠡᠯᠪᠡᠷᠢ ᠪᠠᠷ ᠠᠷᠠᠯᠵᠢᠶᠠᠴᠢᠨ ᠤᠷᠢᠬᠤ᠂ ᠣᠷᠣᠨ ᠠᠯᠤᠰᠯᠠᠨ ᠠᠷᠠᠯᠵᠢᠶᠠᠴᠢᠨ ᠤᠷᠢᠬᠤ᠂ ᠰᠠᠭᠤᠷᠢ ᠮᠥᠩᠭᠦ ᠪᠠᠷ ᠠᠷᠠᠯᠵᠢᠶᠠᠴᠢᠨ ᠤᠷᠢᠬᠤ | ᠂ ᠪᠠᠶᠢᠭᠤᠯᠤᠮᠵᠢ ᠪᠠᠷ ᠠᠷᠠᠯᠵᠢᠶᠠᠴᠢᠨ ᠤᠷᠢᠬᠤ ᠵᠡᠷᠭᠡ ᠵᠠᠭᠪᠤᠷ ᠢ ᠰᠠᠶᠢᠲᠤᠷ ᠠᠰᠢᠭᠯᠠᠵᠤ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠥᠷᠭᠡᠨ | ᠬᠡᠪᠴᠢᠶᠡᠨ ᠤ ᠨᠡᠭᠡᠭᠡᠯᠲᠡ ᠲᠠᠢ ᠠᠷᠠᠯᠵᠢᠶᠠᠴᠢᠨ ᠤᠷᠢᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠳᠥᠷᠪᠡ ᠶᠢ ᠲᠡᠮᠡᠴᠡᠨ ᠣᠯᠬᠤ︾ ᠶᠢ ᠴᠢᠩᠭ᠎ᠠ ᠠᠳᠬᠤᠨ᠎ᠠ | ︽ᠳᠥᠷᠪᠡ ᠶᠢ ᠲᠡᠮᠡᠴᠡᠨ ᠣᠯᠬᠤ︾ ᠶᠢᠨ ᠶᠠᠪᠤᠴᠠ ᠪᠣᠯ ᠮᠥᠨ ᠴᠢᠨᠠᠷ ᠳᠡᠭᠡᠷ᠎ᠡ ᠪᠠᠨ ᠡᠯ᠎ᠡ ᠱᠠᠲᠤᠨ ᠤ ᠤᠳᠤᠷᠢᠳᠬᠤ ᠺᠠᠳ᠋ᠷ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ᠂ ᠬᠤᠰᠢᠭᠤᠨ ᠤ ᠪᠠᠶᠢᠳᠠᠯ ᠢ ᠣᠶᠢᠯᠠᠭᠠᠬᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠲᠣᠭᠲᠠᠭᠠᠬᠤ᠂ ᠦᠨᠳᠦᠰᠦᠨ | ᠰᠠᠭᠤᠷᠢ ᠪᠠᠨ ᠪᠠᠬᠢᠵᠢᠭᠦᠯᠬᠦ᠂ ᠲᠠᠪᠴᠠᠩ ᠢ ᠪᠠᠶᠢᠭᠤᠯᠬᠤ᠂ ᠪᠠᠶᠢᠷᠢᠰᠢᠯ ᠢ ᠨᠡᠭᠡᠭᠡᠬᠦ᠂ ᠪᠠᠯᠠ ᠣᠷᠣᠭᠤᠯᠤᠯᠲᠠ ᠶᠢ ᠥᠷᠭᠡᠳᠬᠡᠬᠦ ᠶᠠᠪᠤᠴᠠ ᠮᠥᠨ᠃ ᠨᠠᠮ ᠤᠨ ᠭᠡᠰᠢᠭᠦᠨ | ᠺᠠᠳ᠋ᠷᠴᠣᠳ ᠢᠯᠠᠩᠭᠤᠶ᠎ᠠ ᠤᠳᠤᠷᠢᠳᠬᠤ ᠺᠠᠳ᠋ᠷᠴᠣᠳ ᠡᠷᠬᠡᠪᠰᠢ ᠭᠤᠣᠯ ᠰᠢᠪᠲᠤᠯᠤᠯᠲᠡ ᠶᠢᠨ ᠴᠢᠭᠯᠡᠯ ᠢᠶᠠᠨ ᠲᠣᠳᠣᠷᠬᠠᠶᠢᠯᠠᠵᠤ᠂ ᠪᠣᠭᠤᠮᠲᠠ ᠰᠢᠪᠲᠤᠯᠬᠤ ᠡᠭᠦᠷᠭᠡ ᠪᠠᠨ | ᠬᠡᠮᠵᠢᠶᠡᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ᠂ ᠲᠡᠮᠡᠴᠡᠨ ᠣᠯᠬᠤ ᠦᠵᠡᠯ | ᠤᠬᠠᠮᠰᠠᠷ᠂ ᠲᠡᠮᠡᠴᠡᠨ ᠣᠯᠬᠤ ᠰᠦᠰᠦ ᠵᠣᠷᠢᠭ᠂ ᠲᠡᠮᠡᠴᠡᠨ ᠣᠯᠬᠤ ᠡᠷᠴᠢᠮ ᠢ ᠶᠡᠭᠡ ᠪᠠᠷ ᠪᠠᠳᠠᠷᠠᠭᠤᠯᠵᠤ᠂ ᠬᠤᠷᠳᠤᠴᠠ ᠪᠠᠨ ᠲᠦᠷᠭᠡᠳᠬᠡᠵᠦ᠂ ᠲᠡᠭᠦᠰ ᠠᠮᠵᠢᠯᠲᠠ | ᠤᠯᠬᠤ ᠪᠠᠷ ᠴᠢᠷᠮᠠᠶᠢᠬᠤ ᠬᠡᠷᠡᠭᠲᠡᠢ᠃ | |