ᠾᠧ ᠸᠧᠶ ᠬᠤᠸᠠ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠳ᠋ᠢᠩ ᠵᠢᠶᠦ᠋ᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/8
      3 ᠰᠠᠷ᠎ᠠ ᠶᠢᠨ 26᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠯᠢᠨ ᠾᠧ ᠳᠤ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠳ᠋ᠢᠩ ᠵᠢᠶᠦ᠋ᠨ ᠲᠠᠢ ᠠᠭᠤᠯᠵᠠᠪᠠ᠃      ᠾᠧ ᠸᠧᠶ ᠬᠤᠸᠠ ᠳ᠋ᠢᠩ ᠵᠢᠶᠦ᠋ᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠣᠷᠳᠣ ᠬᠤᠭᠤᠴᠠᠭᠠᠨ ᠤ ᠲᠤᠷᠰᠢᠬᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠶᠢᠷ᠎ᠠ ᠶᠢᠨ ᠵᠢᠯ ᠤᠨ ᠲᠤᠷᠰᠢ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠣᠷᠣᠨ ᠨᠤᠲᠤᠭ ᠤᠨ ᠬᠥᠭᠵᠢᠯᠲᠡ ᠲᠠᠢ ᠨᠢᠭᠲᠠ ᠤᠶᠠᠯᠳᠤᠭᠤᠯᠤᠨ᠂ ᠤᠯᠤᠰ ᠤᠨ ᠥᠮᠴᠢᠯᠡᠯ ᠤᠨ ᠶᠡᠭᠡ ᠪᠠᠩᠬᠢ ᠶᠢᠨ ᠬᠠᠷᠢᠭᠤᠴᠠᠯᠭ᠎ᠠ ᠡᠭᠦᠷᠭᠡᠯᠡᠯ ᠢ ᠭᠦᠢᠴᠡᠳᠭᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠨ ᠢᠮᠠᠭᠲᠠ ᠪᠠᠲᠤᠯᠠᠵᠤ ᠪᠠᠶᠢᠨ᠎ᠠ᠃ ᠣᠳᠣᠬᠠᠨ ᠳᠤ᠂ ᠪᠠᠶᠠᠨᠨᠠᠭᠤᠷ ᠶᠠᠭ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠤᠯᠠᠨ ᠳᠠᠪᠬᠤᠷ ᠪᠦᠷᠬᠦᠯᠲᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠳᠠᠪᠬᠤᠴᠠᠵᠤ ᠪᠠᠶᠢᠭ᠎ᠠ ᠴᠢᠬᠤᠯᠠ ᠴᠤᠩᠬᠤᠪᠴᠢ ᠶᠢᠨ ᠬᠤᠭᠤᠴᠠᠭᠠᠨ ᠳᠤ ᠣᠷᠣᠰᠢᠵᠤ᠂ ᠰᠢᠨ᠎ᠡ ᠡᠨᠧᠷᠭᠢ ᠶᠢᠨ ᠠᠵᠤ ᠦᠢᠯᠡᠰ᠂ ᠬᠢᠯᠢ ᠶᠢᠨ ᠪᠣᠭᠤᠮᠲᠠ ᠶᠢ ᠪᠣᠳᠠᠲᠠᠢ ᠡᠳ᠋ᠰᠢᠭᠦᠯᠬᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠵᠡᠷᠭᠡ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠥᠩᠭᠡᠷᠡᠭᠰᠡᠨ ᠲᠠᠢ ᠪᠠᠨ ᠠᠳᠠᠯᠢ ᠪᠠᠷ ᠪᠠᠶᠠᠨᠨᠠᠭᠤᠷ ᠤᠨ ᠬᠥᠭᠵᠢᠯᠲᠡ ᠶᠢ ᠳᠡᠮᠵᠢᠵᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂ ᠬᠠᠮᠲᠤᠷᠠᠯᠴᠠᠭᠠᠨ ᠤ ᠭᠦᠨᠴᠡ ᠪᠠᠨ ᠨᠡᠮᠡᠭᠳᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠠᠵᠤ ᠦᠢᠯᠡᠰ ᠤᠨ ᠲᠥᠷᠥᠯ ᠵᠦᠢᠯ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠵᠡᠷᠭᠡ ᠲᠠᠯ᠎ᠠ ᠪᠠᠷ ᠨᠠᠩ ᠣᠯᠠᠨ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠪᠢᠳᠡ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ ᠶᠢ ᠦᠷᠭᠦᠯᠵᠢᠯᠡᠨ ᠴᠢᠩᠭᠠᠳᠬᠠᠵᠤ᠂ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ︽ᠳᠡᠯᠭᠡᠭᠦᠷ ᠤᠨ ᠪᠠᠭᠰᠢ︾ ᠪᠣᠯᠬᠤ ᠬᠡᠷᠡᠭᠲᠡᠢ᠃      ᠳ᠋ᠢᠩ ᠵᠢᠶᠦ᠋ᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠤᠭᠰᠠᠨ ᠪᠥᠭᠡᠳ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠡᠯ᠎ᠡ ᠵᠦᠢᠯ ᠤᠨ ᠠᠵᠢᠯ ᠢ ᠳᠡᠮᠵᠢᠭᠰᠡᠨ ᠳᠤ ᠲᠠᠯᠠᠷᠬᠠᠪᠠ᠃ ᠲᠡᠷᠡ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ ᠬᠡᠷᠡᠭᠴᠡᠭᠡ᠂ ᠠᠵᠤ ᠠᠬᠤᠶᠢᠯᠠᠯ ᠤᠨ ᠪᠠᠴᠢᠮᠳᠠᠵᠤ ᠪᠠᠶᠢᠭ᠎ᠠ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠪᠠᠶᠠᠨᠨᠠᠭᠤᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ︽ᠮᠥᠩᠭᠦᠨ ᠭᠦᠢᠯᠭᠡᠭᠡᠨ ᠤ ᠢᠳᠡᠪᠬᠢᠵᠢᠯ︾ ᠨᠡᠮᠡᠷᠢᠯᠡᠨ᠎ᠡ ᠭᠡᠵᠦ ᠢᠯᠡᠳᠬᠡᠪᠡ᠃      ᠬᠤᠳᠠ ᠶᠢᠨ ᠤᠳᠤᠷᠢᠳᠤᠯᠭ᠎ᠠ ᠵᠤᠤ ᠸᠧᠢ ᠹᠧᠩ᠂ ᠶᠢᠨ ᠵᠤᠤ ᠫᠢᠩ ᠠᠭᠤᠯᠵᠠᠯᠲᠠ ᠳᠤ ᠣᠷᠣᠯᠴᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ