ᠣᠶᠢᠷ᠎ᠠ ᠳᠤ᠂ ᠯᠢᠨ ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ 2025 ᠣᠨ ᠤ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠭᠤᠯᠪᠠ᠃ | ᠣᠶᠢᠷ᠎ᠠ ᠶᠢᠨ ᠵᠢᠯ ᠠᠴᠠ᠂ ᠯᠢᠨ ᠾᠧ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠨᠢ | ᠨᠢᠭᠡ ᠭᠤᠣᠯ ᠱᠤᠭᠤᠮ ᠤᠨ ᠲᠣᠭᠤᠷᠢᠨ ᠳᠤ᠂ ᠬᠤᠶᠠᠷ ᠭᠤᠣᠯ ᠴᠣᠭᠴᠠ ᠶᠢ ᠨᠠᠶᠢᠳᠠᠪᠤᠷᠢᠵᠢᠭᠤᠯᠵᠤ᠂ ᠭᠤᠷᠪᠠᠨ ᠵᠠᠷᠴᠢᠮ ᠢ ᠪᠠᠷᠢᠮᠲᠠᠯᠠᠵᠤ᠂ ᠲᠦᠷᠪᠡᠨ ᠬᠠᠷᠠᠯᠲᠠ ᠶᠢ | ᠪᠡᠶᠡᠯᠡᠭᠦᠯᠵᠦ᠂ ᠲᠠᠪᠤᠨ ᠵᠦᠢᠯ ᠤᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠵᠢᠷᠭᠤᠭᠠᠨ ᠶᠡᠭᠡ ᠡᠭᠦᠷᠭᠡ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠭᠦᠳᠦᠨ ᠪᠠᠶᠢᠭᠤᠯᠬᠤ ᠠᠵᠢᠯ ᠤᠨ ᠦᠨᠡᠨ | ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠷᠭᠠᠭᠤᠯᠢ ᠨᠤᠭᠤᠳ ᠨᠠᠮ ᠤᠨ ᠲᠥᠯᠥᠭᠡ ᠬᠥᠮᠦᠨ ᠬᠥᠮᠦᠵᠢᠭᠦᠯᠬᠦ | ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠤᠷᠭᠠᠨ | ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳ ᠲᠦᠮᠡᠨ ᠤ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠠᠲᠤ ᠡᠵᠡᠮᠳᠡᠵᠦ᠂ | ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠶ︔ ᠪᠠᠷᠢᠮᠵᠢᠶ᠎ᠠ ᠲᠠᠢ ᠬᠠᠷᠭᠤᠭᠤᠯᠵᠤ᠂ ᠡᠭᠦᠳᠦᠨ ᠪᠠᠶᠢᠭᠤᠯᠬᠤ ᠠᠵᠢᠯ ᠤᠨ ᠳᠤᠲᠠᠭᠳᠠᠯ | ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠡᠮᠬᠢᠯᠡᠵᠦ᠂ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠵᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ | ᠲᠣᠳᠣᠷᠬᠠᠶᠢᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ ᠶᠢ ᠪᠠᠲᠤᠯᠠᠬᠤ | ᠬᠡᠷᠡᠭᠲᠡᠢ︔ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ | ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠢᠯ ᠬᠢᠵᠦ | ᠦᠢᠯᠡᠰ ᠪᠦᠲᠦᠭᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ | |