ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠨᠡᠷ ᠱᠠᠮᠪᠠ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/4/8
      4 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠨᠡᠷ ᠱᠠᠮᠪᠠ ᠪᠠᠯᠭᠠᠰᠤᠨ ᠳᠤ ᠭᠦᠨᠵᠡᠭᠡᠶᠢᠷᠡᠨ᠂ ᠴᠦᠨ ᠰᠢ ᠶᠢᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠬᠢᠭᠡᠳ ᠤᠯᠠᠭᠠᠨᠬᠠᠳᠠ ᠲᠣᠰᠬᠤᠨ ᠤ ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠭᠤᠯᠬᠤ ᠬᠥᠭᠵᠢᠯᠲᠡ ᠶᠢᠨ ᠵᠠᠭᠪᠤᠷ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃       ᠴᠦᠨ ᠰᠢ ᠶᠢᠨ ᠣᠲᠣ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠳᠤ᠂ ᠬᠠᠨ ᡁᠢ ᠶᠧ ᠱᠦᠵᠢ ᠴᠢᠬᠢ ᠪᠤᠶᠢᠵᠢᠭᠤᠯᠬᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠦᠯᠡᠮᠵᠢ ᠳᠤ᠂ ᠡᠯ᠎ᠡ ᠲᠦᠷᠦᠯ ᠤᠨ ᠨᠢᠯᠬ᠎ᠠ ᠴᠢᠬᠢ ᠨᠣᠭᠤᠭᠠᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠠᠨ ᡁᠢ ᠶᠧ ᠴᠢᠬᠢ ᠪᠤᠶᠢᠵᠢᠭᠤᠯᠬᠤ ᠡᠭᠦᠯᠳᠡᠷ᠂ ᠬᠡᠪᠴᠢᠶ᠎ᠡ᠂ ᠮᠡᠷᠭᠡᠵᠢᠯ ᠤᠨ ᠬᠠᠮᠢᠶᠠᠷᠤᠯᠲᠠ ᠵᠢᠴᠢ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠠᠷᠢᠮᠠᠯ ᠤᠨ ᠡᠷᠦᠬᠡ ᠪᠠ ᠮᠡᠷᠭᠡᠵᠢᠯ ᠤᠨ ᠠᠵᠢᠯᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠡᠷᠡ ᠴᠢᠬᠤᠯᠠᠴᠢᠯᠠᠭᠰᠠᠨ ᠨᠢ᠂ ᠲᠦᠬᠦᠭᠡᠷᠦᠮᠵᠢᠲᠦ ᠲᠠᠷᠢᠶᠠᠯᠠᠩ ᠪᠣᠯ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢ ᠬᠦᠴᠦᠯᠡᠨ ᠴᠢᠩᠭᠠᠷᠠᠭᠤᠯᠵᠤ᠂ ᠲᠠᠷᠢᠶᠠᠯᠠᠩ ᠤᠨ ᠮᠡᠷᠭᠡᠵᠢᠯ ᠤᠨ ᠵᠢᠯᠤᠭᠤᠳᠤᠯᠭ᠎ᠠ ᠶᠢ ᠭᠦᠨᠵᠡᠭᠡᠶᠢᠷᠡᠭᠦᠯᠵᠦ᠂ ᠪᠦᠬᠦ ᠶᠠᠪᠤᠴᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠲᠦᠬᠦᠭᠡᠷᠦᠮᠵᠢᠲᠦ ᠲᠠᠷᠢᠶᠠᠯᠠᠩ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠲᠦᠷᠦᠯ ᠳᠡᠮᠳᠡᠭᠵᠢᠬᠦᠯᠬᠦ ᠴᠢᠭᠯᠡᠯ ᠲᠡᠰᠢ ᠲᠡᠰ ᠳᠡᠪᠰᠢᠭᠦᠯᠬᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠪᠦᠲᠦᠮᠵᠢᠲᠡᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃       ᠳᠠᠷᠠᠭ᠎ᠠ ᠨᠢ᠂ ᠬᠠᠨ ᡁᠢ ᠶᠧ ᠱᠦᠵᠢ ᠨᠡᠷ ᡂᠢ ᠹᠧᠩ ᠲᠣᠰᠬᠤᠨ ᠳᠤ ᠬᠦᠷᠴᠦ᠂ ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ ᠬᠥᠭᠵᠢᠯᠲᠡ ᠶᠢᠨ ᠵᠠᠭᠪᠤᠷ ᠢ ᠪᠠᠶᠢᠴᠠᠭᠠᠨ ᠰᠤᠳᠤᠯᠪᠠ᠃ ᠤᠯᠠᠭᠠᠨᠬᠠᠳᠠ ᠲᠣᠰᠬᠤᠨ ︽17N︾ ︵︽1 ᠪᠠᠲᠤ ᠴᠢᠩᠭ᠎ᠠ ᠨᠠᠮ ᠤᠨ ᠡᠭᠦᠷ ᠤᠨ 7 ᠨᠢᠭᠡᠳᠦᠯᠲᠡᠶ ᠵᠠᠭᠪᠤᠷ N ᠡᠷᠦᠬᠡ ᠲᠠᠷᠢᠶᠠᠴᠢᠨ ᠡᠷᠦᠬᠡ︾︶ ᠶᠢᠨ ᠬᠥᠭᠵᠢᠯᠲᠡ ᠶᠢᠨ ᠵᠠᠭᠪᠤᠷ ᠢ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠪᠡᠶᠡᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠦᠨ᠂ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ ᠬᠠᠨ ᡁᠢ ᠶᠧ ᠤᠯᠠᠭᠠᠨᠬᠠᠳᠠ ᠲᠣᠰᠬᠤᠨ ᠤ ᠨᠠᠮ ᠤᠨ ᠡᠭᠦᠷ ᠤᠨ ᠱᠦᠵᠢ ᠶᠢᠨ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠵᠠᠭᠪᠤᠷ ᠤᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ︽ ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠰᠢᠨ᠎ᠡ ᠬᠡᠯᠪᠡᠷᠢ ᠶᠢᠨ ᠲᠠᠷᠢᠶᠠᠯᠠᠩ ᠤᠨ ᠵᠠᠭᠪᠤᠷ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠤᠷᠰᠢᠶ᠎ᠠ ᠶᠢᠨ ᠡᠬᠢ ᠪᠠᠶᠠᠯᠢᠭ ᠢ ᠨᠡᠶᠢᠳᠬᠡᠬᠦ ᠳᠠᠪᠠᠭᠤᠯᠢᠭ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠠᠷᠭ᠎ᠠ ᠵᠠᠮ ᠢ ᠨᠢᠭᠡᠳᠦᠯᠲᠡᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠤᠨ ᠪᠠᠶᠢᠭᠤᠯᠤᠯᠲᠠ ᠪᠠᠷ ᠳᠠᠮᠵᠢᠭᠤᠯᠤᠨ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠡᠪᠴᠢᠶᠡᠵᠢᠭᠦᠯᠦᠨ ᠡᠵᠡᠩᠨᠡᠬᠦ ᠳᠤ ᠣᠷᠣᠯᠴᠠᠭᠤᠯᠵᠤ᠂ ᠤᠯᠠᠮᠵᠢᠯᠠᠯᠲᠤ ᠲᠠᠷᠠᠬᠠᠶ ᠪᠤᠲᠠᠷᠬᠠᠶ ᠲᠠᠷᠢᠶᠠᠯᠠᠬᠤ ᠵᠠᠭᠪᠤᠷ ᠢ ᠬᠤᠪᠢᠷᠠᠭᠤᠯᠤᠨ᠂ ᠭᠠᠵᠠᠷ ᠰᠢᠷᠣᠶ ᠶᠢ ᠲᠠᠷᠠᠬᠠᠶ ᠪᠤᠲᠠᠷᠬᠠᠶ ︽ᠨᠢᠭᠡ ᠡᠷᠦᠬᠡ ᠨᠢᠭᠡ ᠲᠠᠷᠢᠶ᠎ᠠ︾ ᠠᠴᠠ ︽ᠨᠢᠭᠡ ᠬᠤᠷᠰᠢᠶ᠎ᠠ ᠨᠢᠭᠡ ᠲᠠᠷᠢᠶ᠎ᠠ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠲᠠᠷᠢᠶᠠᠴᠢᠳ ᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤᠮᠳᠠ ᠦᠷᠭᠦᠯᠵᠢᠯᠡᠨ ᠠᠰᠢᠭ ᠣᠷᠣᠯᠭ᠎ᠠ ᠣᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃       ᠱᠠᠮᠪᠠ ᠪᠠᠯᠭᠠᠰᠤ ᠶᠢᠨ ᠬᠢᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠠᠨ ᡁᠢ ᠶᠧ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠱᠠᠮᠪᠠ ᠶᠢᠨ ᠬᠦᠴᠦᠨ ᠴᠢᠳᠠᠯ ᠢ ᠨᠡᠮᠡᠷᠢᠯᠡᠨ᠎ᠡ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ