ᠸᠠᠩ ᠶᠢᠨ ᠪᠦᠦ ᠬᠤᠪᠧᠶ ᠶᠢᠨ ᠨᠦᠩ ᠴᠢᠩ ᠴᠡᠴᠡᠷᠯᠢᠭ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᡁᠢ ᠬᠤᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/8
      ᠦᠢᠷ᠎ᠠ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠤᠪᠸᠢ ᠶᠢᠨ ᠨᠥᠩ ᠴᠢᠩ ᠴᠡᠴᠡᠷᠯᠢᠭ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᡁᠢ ᠬᠤᠢ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠶ ᠣᠷᠣᠨ ᠪᠦᠰᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃      ᠸᠠᠩ ᠶᠢᠨ ᠪᠦᠦ ᠯᠢ ᡁᠢ ᠬᠤᠢ ᠨᠠᠷ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠭᠰᠠᠨ ᠨᠢ᠂ ᠣᠶᠢᠷ᠎ᠠ ᠶᠢᠨ ᠵᠢᠯ ᠠᠴᠠ ᠨᠠᠰᠢ᠂ ᠤᠷᠠᠳ ᠤᠨ ᠬᠤᠶᠢᠲᠤ ᠬᠤᠰᠢᠭᠤ ᠡᠬᠢ ᠪᠠᠶᠠᠯᠢᠭ ᠤᠨ ᠳᠠᠪᠠᠭᠤᠯᠢᠭ ᠪᠠ ᠤᠨᠴᠠᠯᠢᠭᠳᠤ ᠳᠠᠪᠠᠭᠤᠯᠢᠭ ᠲᠠᠭᠠᠨ ᠰᠠᠭᠤᠷᠢᠯᠠᠨ᠂ ᠣᠲᠣ ᠦᠶ᠎ᠡ ᠶᠢᠨ᠂ ᠥᠨᠳᠥᠷ ᠪᠦᠲᠦᠮᠵᠢᠲᠡᠶ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠭᠠᠵᠠᠷ ᠰᠣᠩᠭᠤᠬᠤ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠠᠮᠲᠤᠷᠠᠯᠴᠠᠭᠠᠨ ᠤ ᠲᠥᠰᠦᠯ ᠢᠶᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠵᠦ᠂ ᠣᠷᠣᠨ ᠨᠤᠲᠤᠭ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠯᠢ ᡁᠢ ᠬᠤᠢ ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ ᠤᠨ ᠬᠥᠭᠵᠢᠯᠲᠡ ᠶᠢᠨ ᠳᠠᠯᠳᠠ ᠬᠦᠴᠦᠨ ᠢ ᠳᠡᠭᠡᠳᠦ ᠬᠡᠮᠵᠢᠶ᠎ᠡ ᠪᠠᠷ ᠦᠨᠡᠯᠠᠵᠤ᠂ ᠬᠠᠮᠲᠤᠷᠠᠯᠴᠠᠭᠠᠨ ᠤ ᠠᠯᠤᠰ ᠢᠷᠡᠭᠡᠳᠦᠢ ᠳᠤ ᠢᠲᠡᠭᠡᠯ ᠳᠦᠭᠦᠷᠡᠩ ᠪᠠᠶᠢᠬᠤ ᠪᠠᠨ ᠢᠯᠡᠳᠬᠡᠪᠠ᠃ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠡᠯᠡ ᠣᠷᠣᠭᠤᠯᠤᠨ ᠪᠦᠳᠦᠭᠡᠨ ᠪᠠᠶᠢᠭᠤᠯᠬᠤ ᠪᠠᠷ ᠲᠥᠯᠥᠪᠯᠡᠵᠦ᠂ ᠬᠤᠸᠠᠷ ᠴᠡᠴᠡᠭ ᠲᠠᠷᠢᠬᠤ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠶᠢ ᠬᠠᠮᠤᠷᠴᠤ᠂ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ᠂ ᠲᠣᠭᠤᠷᠢᠨ ᠦᠵᠡᠬᠦ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠲᠦᠷᠦᠯ ᠵᠦᠢᠯ ᠢ ᠪᠠᠶᠢᠭᠤᠯᠵᠤ᠂ ᠲᠠᠷᠢᠶᠠᠯᠠᠩ ᠤᠨ ᠲᠡᠰ ᠳᠡᠪᠰᠢᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ