ᠤᠷᠠᠳ ᠤᠨ ᠳᠤᠮᠳᠠᠳᠤ ᠬᠤᠰᠢᠭᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠣᠨ ᠤ ᠠᠵᠢᠯᠯᠠᠭ᠎ᠠ ᠶᠢ ᠢᠩᠭᠢᠵᠦ ᠶᠠᠪᠤᠭᠳᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2025/4/8
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ       ᠨᠢᠭᠡ ᠳᠤ᠂ ︽ᠰᠠᠨᠠᠭᠠᠨ ᠳᠤ ᠲᠠᠭᠠᠷᠠᠭᠰᠠᠨ︾  ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃       ᠥᠨᠳᠥᠷ ᠳᠠᠪᠲᠠᠮᠵᠢᠲᠤ  ᠵᠦᠢᠯᠡᠰ ᠤᠨ ᠪᠥᠬᠦ ᠶᠠᠪᠤᠴᠠ ᠶᠢᠨ  ᠡᠯᠧᠺᠲᠷᠤᠨᠵᠢᠯᠲᠠ ᠶᠢ ᠠᠬᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ  ᠭᠦᠢᠴᠡᠳᠬᠡᠬᠦ  + ᠣᠶᠤᠨᠴᠢ ᠦᠢᠯᠡᠴᠢᠯᠡᠭᠡ︾ ᠶᠢᠨ ᠵᠠᠭᠪᠤᠷ ᠢ ᠪᠣᠶ ᠪᠣᠯᠭᠠᠨ᠂ ᠠᠯᠢᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ  ᠵᠦᠢᠯᠡᠰ ᠢ ᠨᠢᠭᠡ ᠲᠠᠪᠴᠠᠩ ᠳᠤ ︽ᠨᠢᠭᠡ ᠳᠠᠷᠤᠪᠴᠢ ᠪᠠᠷ ᠭᠦᠢᠴᠡᠳᠬᠡᠬᠦ︾ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠢᠯᠡᠭᠦᠦ ᠬᠡᠷᠡᠭᠯᠡᠨ᠂ ᠣᠯᠠᠨ ᠲᠦᠮᠡᠨ ᠢ ᠳᠤᠲᠠᠭᠤ ᠭᠦᠶᠦᠯᠭᠡᠨ᠎ᠡ᠃       ᠬᠤᠶᠠᠷ ᠲᠤ᠂ ︽Al + ᠵᠠᠰᠠᠭ ᠤᠨ ᠶᠠᠪᠤᠳᠠᠯ ᠤᠨ ᠦᠢᠯᠡᠴᠢᠯᠡᠭᠡᠨ︾ ᠤ ᠵᠠᠭᠪᠤᠷ ᠤᠨ ᠰᠢᠨ᠎ᠡ ᠶᠢ ᠡᠭᠦᠳᠦᠨ᠎ᠡ᠃       ︽AI + ᠵᠠᠰᠠᠭ ᠤᠨ ᠶᠠᠪᠤᠳᠠᠯ ᠤᠨ ᠦᠢᠯᠡᠴᠢᠯᠡᠭᠡᠨ︾ ᠤ ᠵᠠᠭᠪᠤᠷ ᠢ ᠲᠦᠷᠭᠡᠳᠬᠡᠨ ᠨᠡᠭᠡᠭᠡᠨ ᠬᠥᠭᠵᠢᠭᠦᠯᠵᠦ᠂ ︽ᠣᠶᠤᠨᠴᠢ ᠪᠠᠷ ᠳᠠᠭᠠᠭᠤᠯᠤᠨ  ᠭᠦᠢᠴᠡᠳᠬᠡᠬᠦ — ᠪᠢᠴᠢᠭ ᠮᠠᠲ᠋ᠧᠷᠢᠶᠠᠯ ᠢ ᠦᠪᠡᠷᠲᠡᠭᠡᠨ ᠪᠡᠶᠡᠴᠢᠯᠡᠨ ᠪᠠᠶᠢᠴᠠᠭᠠᠬᠤ — AI ᠪᠠᠷ ᠤᠷᠢᠳᠴᠢᠯᠠᠨ ᠬᠢᠨᠠᠬᠤ — ᠬᠥᠮᠦᠨ ᠤ ᠬᠦᠴᠦ ᠪᠠᠷ ᠬᠢᠨᠠᠨ ᠪᠠᠶᠢᠴᠠᠭᠠᠵᠤ ᠰᠢᠯᠭᠠᠨ ᠵᠥᠪᠰᠢᠶᠡᠷᠡᠬᠦ︾ ᠳᠥᠷᠪᠡᠨ ᠳᠡᠰ ᠤᠨ  ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢᠨ ᠲᠠᠰ ᠳᠡᠪᠰᠢᠬᠦ ᠶᠢ ᠠᠬᠢᠭᠤᠯᠤᠨ᠎ᠠ᠃       ᠭᠤᠷᠪᠠ ᠳᠤ᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠢᠴᠡᠳᠭᠡᠬᠦ︾ ᠥᠭᠡᠷᠡᠴᠢᠯᠡᠯᠲᠡ ᠶᠢ ᠠᠬᠢᠭᠤᠯᠤᠨ᠎ᠠ᠃       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠢᠴᠡᠳᠭᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠶᠠᠪᠤᠴᠠ ᠪᠠᠷ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠦᠷᠢᠯᠳᠦᠭᠦᠯᠵᠦ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠤᠭᠤᠯᠪᠠᠰᠤ ᠵᠣᠬᠢᠬᠤ ᠦᠢᠯᠡᠴᠢᠯᠡᠭᠡ ᠶᠢ ᠪᠦᠬᠦᠨ ᠢ ᠣᠷᠣᠭᠤᠯᠬᠤ︾ ᠪᠠ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠶᠡᠭᠡ ᠲᠢᠩᠬᠢᠮ ᠤᠨ ᠭᠠᠳᠠᠨ᠎ᠠ ᠬᠢᠨᠠᠨ ᠵᠥᠪᠰᠢᠶᠡᠷᠡᠯ ᠤᠨ ᠭᠠᠷᠳᠠᠮ ᠭᠦᠢᠴᠡᠳᠭᠡᠬᠦ ᠦᠭᠡᠢ ᠪᠠᠶᠢᠬᠤ ᠶᠢ ᠪᠡᠶᠡᠯᠡᠭᠦᠯᠦᠨ᠎ᠡ᠃       ᠳᠥᠷᠪᠡ ᠳᠤ᠂ ︽ᠲᠡᠷᠡ ᠳᠠᠷᠤᠢ ᠳᠤ ᠨᠢ  ᠭᠦᠢᠴᠡᠳᠬᠡᠬᠦ︾ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃       ︽ᠲᠡᠷᠡ ᠳᠠᠷᠤᠢ ᠳᠤ ᠨᠢ  ᠭᠦᠢᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ 1 ᠮᠢᠨᠦ᠋ᠲ ᠤᠨ ᠳᠣᠳᠤᠷ᠎ᠠ ᠭᠥᠯᠢᠶᠡᠨ ᠠᠪᠴᠣ ᠵᠣᠴᠢᠯᠠᠨ᠂  3 ᠴᠠᠭ ᠤᠨ ᠳᠣᠲᠤᠷ᠎ᠠ ᠬᠠᠷᠢᠭᠤ ᠲᠣᠰᠬᠠᠨ᠂ 5 ᠡᠳᠦᠷ ᠤᠨ ᠳᠣᠲᠤᠷ᠎ᠠ ᠭᠦᠢᠴᠡᠳᠭᠡᠨ ᠳᠠᠭᠤᠰᠬᠠᠵᠤ᠂ 30 ᠡᠳᠦᠷ ᠲᠤ ᠬᠠᠷᠢᠭᠤ ᠰᠤᠷᠪᠤᠯᠵᠢᠯᠠᠬᠤ ︽13530︾ ᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠲᠦᠷᠭᠡᠨ  ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠠᠰᠠᠭᠤᠳᠠᠯ ᠳᠤᠷᠠᠳᠬᠤ᠂ ᠠᠵᠤ ᠠᠬᠤᠶᠢᠯᠠᠯ ᠤᠨ ᠱᠠᠭᠠᠷᠳᠠᠯᠭ᠎ᠠ ᠲᠠᠯᠪᠢᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠲᠡᠷᠡ ᠳᠠᠷᠤᠢ ᠳᠤ ᠨᠢ  ᠭᠦᠢᠴᠡᠳᠬᠡᠬᠦ᠂ ᠵᠠᠪᠠᠯ ᠰᠠᠶᠢᠲᠤᠷ ᠭᠦᠢᠴᠡᠳᠭᠡᠬᠦ ᠶᠢ ᠲᠦᠯᠬᠢᠨ ᠠᠬᠢᠭᠤᠯᠵᠤ ᠪᠡᠶᠡᠯᠡᠭᠦᠯᠦᠨ᠎ᠡ᠃       ᠲᠠᠪᠤ ᠳᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠢᠭᠤᠳ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ᠎ᠠ᠃       ᠠᠵᠤ ᠠᠬᠤᠶᠢᠯᠠᠯ ᠲᠠᠢ ᠬᠤᠯᠪᠣᠭᠳᠠᠭᠰᠠᠨ  ᠦᠢᠯᠡᠴᠢᠯᠡᠭᠡ ᠶᠢ ᠨᠢᠭᠡ ᠴᠣᠭᠴᠠᠵᠢᠭᠤᠯᠬᠤ ᠲᠠᠪᠴᠠᠩ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ  ᠤᠨ ᠭᠤᠤᠯ ᠴᠣᠭᠴᠠ ᠲᠠᠢ ᠬᠤᠯᠪᠣᠭᠳᠠᠭᠰᠠᠨ ᠠᠵᠤ  ᠦᠢᠯᠡᠰ᠂ ᠭᠠᠶᠢᠯᠢ  ᠰᠦᠢᠳᠬᠡᠯ᠂ ᠪᠠᠯᠠ ᠮᠦᠩᠭᠦ ᠶᠢᠨ ᠲᠣᠬᠢᠷᠠᠭᠤᠯᠭ᠎ᠠ᠂ ᠱᠠᠩᠨᠠᠯ ᠨᠥᠬᠦᠪᠥᠷᠢ᠂ ᠴᠢᠳᠠᠪᠤᠷᠢᠲᠠᠨ ᠵᠡᠷᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠮᠢᠶ᠎ᠠ ᠪᠥᠬᠦᠶ ᠪᠠᠷᠢᠮᠵᠢᠶ᠎ᠠ ᠪᠠ ᠳᠦᠷᠢᠮᠵᠢᠯ ᠶᠣᠰᠣᠭᠠᠷ ᠨᠢᠭᠡᠳᠦᠯᠲᠡᠶ ᠲᠠᠪᠴᠠᠩ ᠳᠤ ᠲᠥᠪᠯᠡᠷᠡᠭᠦᠯᠵᠦ᠂ ᠭᠠᠶᠢᠯᠢ  ᠰᠦᠢᠳᠬᠡᠯ ᠢ ᠬᠥᠩᠭᠡᠯᠡᠵᠦ ᠪᠠᠭᠤᠷᠠᠭᠤᠯᠬᠤ᠂ ᠠᠵᠤ ᠠᠬᠤᠶᠢᠯᠠᠯ ᠢ ᠬᠠᠪᠰᠣᠷᠤᠨ ᠠᠰᠠᠭᠤᠳᠠᠯ ᠢ ᠰᠢᠢᠳᠪᠦᠷᠢᠯᠡᠬᠦ ᠶᠢ ᠰᠢᠭᠤᠳ ᠰᠢᠯᠤᠭᠤᠨ ᠡᠳ᠋ᠯᠡᠭᠦᠯᠬᠦ ᠶᠢ ᠠᠬᠢᠭᠤᠯᠪᠠ᠃       ᠵᠢᠷᠭᠤᠭ᠎ᠠ ᠳᠤ᠂ ᠠᠵᠤ ᠠᠬᠤᠶᠢᠯᠠᠯ ᠢ ᠳᠡᠮᠵᠢᠨ ᠲᠤᠰᠠᠯᠠᠬᠤ ᠡᠩᠨᠡᠭᠡ ᠶᠢ ᠪᠠᠶᠢᠭᠤᠯᠤᠨ᠎ᠠ᠃       ︽ᠨᠢᠭᠡ ᠠᠵᠤ ᠠᠬᠤᠶᠢᠯᠠᠯ ᠨᠢᠭᠡ ᠲᠥᠷᠥ ᠶᠢᠨ ᠪᠣᠳᠣᠯᠭ᠎ᠠ︾ ᠶᠢᠨ ᠲᠥᠰᠦᠯ᠂ ᠲᠥᠷᠥᠯ  ᠵᠦᠢᠯ ᠤᠨ ᠰᠡᠳᠦᠪ ᠲᠣᠭᠲᠠᠭᠠᠬᠤ ᠠᠴᠠ ᠠᠪᠤᠭᠠᠳ ᠪᠠᠷᠢᠯᠭ᠎ᠠ ᠶᠢᠨ ᠠᠵᠢᠯ ᠢ ᠡᠬᠢᠯᠡᠬᠦᠯᠬᠦ ᠶᠢ ᠬᠢᠨᠠᠨ ᠵᠥᠪᠰᠢᠶᠡᠷᠡᠬᠦ ᠬᠦᠷᠲᠡᠯᠡᠬᠢ ᠪᠥᠬᠦ ᠶᠠᠪᠤᠴᠠ ᠳᠤ᠂ ᠪᠥᠬᠦ ᠬᠦᠴᠦᠨ  ᠵᠦᠢᠯ ᠤᠨ ᠪᠠᠲᠤᠯᠠᠭ᠎ᠠ ᠶᠢᠨ  ᠦᠢᠯᠡᠴᠢᠯᠡᠭᠡ ᠬᠠᠩᠭᠠᠬᠤ ᠬᠡᠷᠡᠭᠲᠡᠶ ᠃       ᠳᠣᠯᠤᠭ᠎ᠠ ᠳᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠨ᠎ᠠ᠃       ᠠᠵᠤ ᠠᠬᠤᠶᠢᠯᠠᠯ ᠤᠨ  ᠦᠢᠯᠡᠴᠢᠯᠡᠭᠡᠨ ᠤ ᠲᠥᠪ ᠬᠢᠭᠡᠳ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠤᠨ ᠨᠢᠭᠡᠳᠦᠯᠲᠡᠶ ᠲᠥᠯᠥᠪᠯᠡᠨ ᠠᠭᠤᠰᠤᠯᠴᠠᠬᠤ ᠶᠢ ᠠᠬᠢᠭᠤᠯᠵᠤ᠂ ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠬᠤ ᠪᠠᠷ ᠲᠤᠯᠭᠠᠭᠤᠷᠢᠯᠠᠯ ᠪᠣᠯᠭᠠᠨ᠂ ᠠᠵᠤ ᠠᠬᠤᠶᠢᠯᠠᠯ ᠤᠨ ᠡᠯ᠎ᠡ ᠲᠥᠷᠥᠯ ᠤᠨ ᠬᠡᠷᠡᠭᠴᠡᠭᠡ ᠱᠠᠭᠠᠷᠳᠠᠯᠭ᠎ᠠ  ᠳᠤ ᠲᠦᠷᠭᠡᠨ ᠬᠠᠷᠢᠭᠤ ᠦᠭᠬᠦ ᠶᠢᠨ ᠬᠠᠮᠲᠤ ᠪᠦᠲᠦᠮᠵᠢᠲᠡᠶ  ᠰᠢᠢᠳᠪᠦᠷᠢᠯᠡᠵᠦ᠂ ᠰᠠᠯᠠᠭ᠎ᠠ ᠮᠥᠴᠢᠷ ᠤᠳ ᠤᠨ ᠬᠠᠮᠵᠢᠯᠴᠠᠨ ᠬᠠᠮᠲᠤᠷᠠᠯᠴᠠᠭᠰᠠᠨ᠂ ᠪᠦᠬᠦᠯᠢ ᠴᠣᠭᠴᠠ ᠪᠠᠷ  ᠢᠶᠠᠨ ᠬᠤᠯᠪᠣᠭᠠᠯᠠᠨ ᠬᠥᠳᠡᠯᠦᠯᠴᠡᠵᠦ ᠥᠨᠳᠥᠷ ᠦᠷ᠎ᠡ ᠪᠦᠲᠦᠮᠵᠢᠲᠡᠶ ᠠᠵᠢᠯᠯᠠᠭᠰᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠭᠤᠰᠤᠯᠴᠠᠨ ᠬᠥᠭᠵᠢᠭᠰᠡᠨ ᠠᠵᠤ ᠠᠬᠤᠶᠢᠯᠠᠯ ᠲᠠᠢ ᠬᠤᠯᠪᠣᠭᠳᠠᠭᠰᠠᠨ  ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠤᠨ᠎ᠠ᠃       ᠨᠠᠢᠮᠠ ᠳᠤ᠂ ᠵᠠᠰᠠᠭ ᠠᠵᠤ ᠠᠬᠤᠶᠢᠯᠠᠯ ᠤᠨ ᠦᠨᠡᠨᠴᠢ ᠪᠠᠷ ᠵᠦᠪᠳᠡᠯᠴᠡᠨ ᠶᠠᠷᠢᠯᠴᠠᠬᠤ ᠲᠣᠭᠲᠠᠴᠠ ᠶᠢ ᠪᠠᠶᠢᠭᠤᠯᠤᠨ᠎ᠠ᠃       ︽ᠠᠵᠤ ᠠᠬᠤᠶᠢᠯᠠᠯ ᠢ ᠳᠡᠮᠵᠢᠨ ᠲᠤᠰᠠᠯᠠᠵᠤ ᠰᠢᠭᠤᠳ ᠨᠡᠪᠲᠡᠷᠡᠭᠦᠯᠬᠦ︾ ᠵᠠᠰᠠᠭ ᠠᠵᠤ ᠠᠬᠤᠶᠢᠯᠠᠯ ᠤᠨ ᠵᠦᠪᠳᠡᠯᠴᠡᠨ ᠶᠠᠷᠢᠯᠴᠠᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ︽ᠠᠰᠠᠭᠤᠳᠠᠯ ᠤᠨ ᠨᠠᠷᠢᠨ ᠲᠠᠩᠰᠠ — ᠬᠠᠷᠢᠭᠤᠴᠠᠯᠭ᠎ᠠ ᠶᠢᠨ ᠨᠠᠷᠢᠨ ᠲᠠᠩᠰᠠ — ᠠᠵᠢᠯ ᠤᠨ ᠠᠬᠢᠴᠠ  ᠶᠢᠨ ᠨᠠᠷᠢᠨ ᠲᠠᠩᠰᠠ︾ ᠶᠢᠨ ᠬᠥᠳᠡᠯᠦᠩᠭᠦᠶ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ︽ᠲᠤᠰᠬᠠᠶ ᠠᠩᠭᠢ ᠬᠠᠷᠢᠭᠤᠴᠠᠵᠤ᠂ ᠲᠤᠰᠬᠠᠶ ᠬᠥᠮᠦᠨ ᠠᠩᠬᠠᠷᠤᠨ  ᠭᠦᠢᠴᠡᠳᠬᠡᠬᠦ︾ ᠠᠷᠭ᠎ᠠ ᠶᠢ ᠠᠪᠴᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠰᠡᠳᠬᠢᠯ ᠳᠡᠯᠪᠢᠨ ᠬᠦᠴᠦᠯᠡᠨ ᠰᠢᠢᠳᠪᠦᠷᠢᠯᠡᠨ᠎ᠡ᠃       ᠠᠵᠤ ᠦᠢᠯᠡᠰ ᠤᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ       ᠨᠢᠭᠡ ᠳᠤ᠂ ︽ᠬᠤᠲᠠ ᠶᠢᠨ ᠰᠢᠨᠡᠴᠢᠯᠡᠯᠲᠡ︾ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃       ᠬᠠᠯᠢᠭᠤᠳᠤ ᠪᠠᠯᠭᠠᠰᠣᠨ ᠤ ᠡᠮᠦᠨ᠎ᠡ ᠲᠠᠯ᠎ᠠ ᠶᠢᠨ ᠦᠵᠡᠮᠵᠢ ᠶᠢᠨ ᠲᠣᠭᠤᠷᠢᠭ᠂ ᠤᠰᠤᠨ ᠤ ᠬᠠᠮᠠᠭᠠᠯᠠᠯᠲᠠ ᠶᠢᠨ ᠣᠶ ᠮᠣᠳᠣ᠂ ᠤᠰᠤᠨ ᠤ ᠦᠵᠡᠮᠵᠢ ᠶᠢᠨ ᠲᠣᠭᠤᠷᠢᠭ᠂ ᠬᠦᠷᠢᠶᠡᠯᠡᠩ ᠲᠣᠭᠤᠷᠢᠭ ᠤᠨ ᠲᠣᠭᠤᠷᠢᠯ ᠵᠠᠮ᠂ ᠠᠮᠢ ᠠᠬᠤᠶ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠵᠡᠷᠭᠡ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠮᠦᠨ᠎ᠡ ᠲᠡᠭᠦᠷᠭᠡ ᠶᠢᠨ ᠨᠤᠭᠤ ᠭᠠᠵᠠᠷ ᠤᠨ ᠴᠡᠴᠡᠷᠯᠢᠭ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠬᠠᠯᠢᠭᠤᠳᠤ ᠪᠠᠯᠭᠠᠰᠣᠨ ᠤ ᠪᠠᠷᠠᠭᠤᠨ ᠲᠠᠯ᠎ᠠ ᠳᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ︽ᠲᠦᠮᠡᠨ ᠮᠦ ᠶᠢᠨ ᠬᠤᠲᠠ ᠶᠢᠨ ᠳᠤᠮᠳᠠᠬᠢ ᠲᠠᠯ᠎ᠠ ᠨᠤᠲᠤᠭ︾ ᠢ ᠪᠠᠶᠢᠭᠤᠯᠤᠨ᠎ᠠ᠃ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠲᠣᠭᠤᠷᠢᠭ ᠤᠨ ᠶᠡᠷᠦᠩᠬᠡᠶᠢᠯᠡᠭᠰᠡᠨ ᠰᠢᠨᠡᠳᠭᠡᠨ ᠵᠠᠰᠠᠯᠲᠠ᠂ ᠬᠤᠲᠠ ᠶᠢᠨ ᠭᠠᠵᠠᠷ ᠳᠣᠣᠷᠠᠬᠢ ᠢᠯᠴᠢ ᠬᠠᠩᠭᠠᠬᠤ ᠬᠤᠭᠤᠯᠠᠶ ᠲᠣᠣᠷ ᠤᠨ ᠥᠭᠡᠷᠡᠴᠢᠯᠡᠯᠲᠡ᠂ ᠳᠠᠬᠢᠨ ᠠᠰᠢᠭᠯᠠᠬᠤ ᠤᠰᠤᠨ ᠤ ᠬᠤᠭᠤᠯᠠᠶ ᠲᠣᠣᠷ ᠤᠨ ᠥᠭᠡᠷᠡᠴᠢᠯᠡᠯᠲᠡ ᠵᠢᠴᠢ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ ᠰᠠᠭᠤᠷᠢ ᠲᠦᠭᠦᠭᠡᠷᠦᠮᠵᠢ ᠶᠢᠨ ᠢᠵᠢ ᠪᠦᠷᠢᠳᠦᠭᠦᠯᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃       ᠬᠤᠶᠠᠷ ᠲᠤ᠂ ︽ᠬᠦᠷᠢᠶᠡᠯᠡᠩ ᠲᠣᠭᠤᠷᠢᠭ ᠤᠨ ᠰᠢᠨᠡᠴᠢᠯᠡᠯᠲᠡ︾ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃       ᠪᠣᠯᠪᠠᠰᠤᠷᠠᠭᠤᠯᠤᠯᠲᠠ ᠶᠢᠨ ᠲᠣᠭᠤᠷᠢᠭ ᠤᠨ ᠭᠠᠵᠠᠷ ᠰᠢᠷᠣᠶ ᠶᠢ ᠰᠤᠯᠠᠯᠠᠵᠤ ᠪᠤᠴᠠᠭᠠᠬᠤ ᠢᠨᠵᠧᠨᠧᠷᠢᠩ ᠢ ᠬᠡᠷᠡᠭᠵᠢᠭᠦᠯᠵᠦ᠂ ᠪᠣᠯᠪᠠᠰᠤᠷᠠᠭᠤᠯᠤᠯᠲᠠ ᠶᠢᠨ ᠲᠣᠭᠤᠷᠢᠭ  ᠤᠨ ᠲᠥᠪᠯᠡᠷᠡᠭᠦᠯᠦᠨ ᠢᠯᠴᠢ ᠬᠠᠩᠭᠠᠬᠤ ᠲᠥᠷᠥᠯ  ᠵᠦᠢᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ᠂ ᠳᠣᠤᠷ᠎ᠠ ᠨᠡᠭᠦᠷᠡᠰᠦᠲᠥ᠋ᠷᠥᠭᠴᠢᠲᠦ ᠭᠤᠤᠯ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠲᠥᠬᠦᠷᠵᠢᠭᠦᠯᠬᠦ ᠵᠢᠴᠢ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠣᠷᠴᠢᠨ ᠨᠦᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠢ ᠭᠦᠨᠵᠡᠭᠡᠶᠢᠷᠡᠭᠦᠯᠵᠦ᠂ ᠪᠣᠯᠪᠠᠰᠤᠷᠠᠭᠤᠯᠤᠯᠲᠠ ᠶᠢᠨ ᠲᠣᠭᠤᠷᠢᠭ ᠤᠨ ᠠᠵᠤ ᠠᠬᠤᠶᠢᠯᠠᠯ ᠤᠨ ᠪᠠᠷᠢᠯᠭ᠎ᠠ ᠶᠢ ᠰᠢᠨᠡᠳᠬᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠦᠨ᠎ᠡ᠃ ᠪᠠᠭᠲᠠᠭᠠᠮᠵᠢ ᠶᠢ ᠨᠡᠮᠡᠭᠳᠡᠭᠦᠯᠦᠨ ᠲᠣᠭᠤᠷᠢᠭ ᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠵᠦ᠂ ᠶᠢᠨ ᠬᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠥᠷᠭᠡᠳᠬᠡᠬᠦ ᠠᠵᠢᠯ ᠢ ᠲᠦᠷᠭᠡᠳᠭᠡᠨ ᠠᠬᠢᠭᠤᠯᠤᠨ᠎ᠠ᠃       ᠭᠤᠷᠪᠠ ᠳᠤ᠂ ︽ᠭᠠᠴᠠᠭ᠎ᠠ ᠲᠣᠰᠬᠤᠨ ᠤ ᠰᠢᠨᠡᠴᠢᠯᠡᠯᠲᠡ︾ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃       ︽ᠨᠢᠭᠡ ᠪᠠᠯᠭᠠᠰᠤ ᠨᠢᠭᠡ ᠨᠡᠷᠡᠲᠦ ᠲᠦᠷᠦᠯ ᠳᠡᠮᠳᠡᠭᠲᠦ︾ ︽ᠨᠢᠭᠡ ᠲᠣᠰᠬᠤᠨ ᠨᠢᠭᠡ ᠨᠡᠷᠡᠲᠦ ᠲᠦᠷᠦᠯ ᠳᠡᠮᠳᠡᠭᠲᠦ︾᠂ ᠬᠦᠷᠢᠶ᠎ᠡ ᠬᠠᠰᠢᠶᠠᠨ ᠤ ᠠᠵᠤ ᠠᠬᠤᠢ  ᠪᠠᠷ ᠲᠦᠰᠢᠭ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ ᠨᠣᠭᠤᠭᠠᠷᠠᠭᠤᠯᠤᠯᠲᠠ ᠭᠤᠶᠤᠵᠢᠭᠤᠯᠤᠯᠳᠠ ᠰᠢᠨᠡᠴᠢᠯᠡᠯᠲᠡ ᠶᠢ ᠬᠢᠵᠦ᠂ ᠬᠠᠤᠯᠢ ᠲᠦᠷᠢᠮ ᠠᠴᠠ ᠵᠥᠷᠢᠴᠡᠭᠰᠡᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠵᠦ᠂ ᠴᠤᠭᠯᠠᠭ᠎ᠠ ᠪᠠᠯᠭᠠᠰᠤ ᠪᠠ ᠭᠤᠣᠯ ᠭᠠᠴᠠᠭ᠎ᠠ ᠲᠣᠰᠬᠤᠨ ᠤ ᠰᠢᠨᠡᠴᠢᠯᠡᠯᠲᠡ ᠶᠢᠨ ︽ᠭᠤᠷᠪᠠᠨ ᠵᠦᠢᠯ ᠤᠨ ᠢᠨᠵᠧᠨᠧᠷᠢᠩ︾ ᠢ ᠪᠦᠬᠦ ᠬᠦᠴᠦᠨ ᠢᠶᠠᠷ ᠬᠡᠷᠡᠭᠵᠢᠭᠦᠯᠵᠦ᠂ ︽ᠭᠠᠴᠠᠭ᠎ᠠ ᠲᠣᠰᠬᠤᠨ ᠤ ᠰᠢᠨᠡᠴᠢᠯᠡᠯᠲᠡ︾ ᠶᠢᠨ ᠠᠵᠢᠯᠯᠠᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ