ᠴᠢᠬᠤᠯᠠ ᠶᠡᠭᠡ ᠲᠦᠷᠦᠯ ᠵᠦᠢᠯ ᠢ ᠪᠣᠭᠤᠳᠠᠯᠯᠠᠨ ᠲᠦᠰᠦᠪᠯᠡᠬᠦ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠭᠦᠯᠦᠨ᠎ᠡ | ᠨᠢᠭᠡ ᠳᠤ᠂ ︽ᠬᠤᠰᠢᠭᠤ ᠰᠢᠶᠠᠨ ᠤ ᠱᠠᠲᠤᠨ ᠤ ᠣᠳᠣᠷᠢᠳᠣᠯᠭ᠎ᠠ + ᠰᠤᠮᠤ ᠪᠠᠯᠭᠠᠰᠣ ᠰᠠᠯᠠᠭ᠎ᠠ ᠮᠥᠴᠢᠷ + ᠤᠯᠤᠰ ᠤᠨ ᠥᠮᠴᠢᠯᠡᠯᠲᠦ ᠠᠵᠤ ᠠᠬᠤᠶᠢᠯᠠᠯ | + ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ︾ ᠶᠢᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠪᠣᠳᠠᠲᠤ ᠬᠦᠴᠦᠨ ᠢᠶᠠᠷ ᠴᠢᠩᠭ᠎ᠠ᠂ ᠲᠤᠷᠰᠢᠯᠭ᠎ᠠ ᠪᠠᠷ | ᠪᠠᠶᠠᠯᠢᠭ ᠠᠰᠠᠭᠤᠨ ᠯᠠᠪᠯᠠᠬᠤ ᠪᠠᠶᠢᠭᠤᠯᠤᠮᠵᠢ ᠶᠢᠨ ᠰᠢᠯᠢᠳᠡᠭ ᠢ ᠨᠢ ᠰᠣᠩᠭᠤᠵᠤ᠂ ᠰᠢᠰᠲ᠋ᠧᠮᠴᠢᠯᠡᠭᠰᠡᠨ ᠲᠤᠬᠠᠶᠢᠯᠠᠭᠰᠠᠨ ᠠᠵᠢᠯ ᠤᠨ ᠪᠤᠯᠪᠠᠰᠣᠷᠠᠯ ᠪᠠ ᠲᠤᠬᠠᠶ ᠶᠢᠨ | ᠲᠠᠯᠠᠪᠤᠷ ᠲᠤ ᠣᠷᠤᠨ ᠰᠠᠭᠤᠵᠤ ᠳᠠᠭᠠᠭᠠᠴᠢᠯᠠᠨ ᠬᠤᠯᠪᠣᠭᠠᠯᠠᠵᠤ ᠵᠢᠯᠣᠭᠤᠳᠬᠤ ᠶᠢ ᠥᠷᠨᠢᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠲᠥᠷᠥᠯ | ᠵᠦᠢᠯ ᠢ ᠪᠣᠭᠤᠳᠠᠯᠯᠠᠨ ᠲᠥᠰᠦᠪᠯᠡᠬᠦ ᠦᠵᠡᠯ ᠤᠬᠠᠮᠰᠠᠷ ᠪᠠ ᠴᠢᠳᠠᠪᠤᠷᠢ ᠶᠢ ᠬᠠᠨᠳᠤᠯᠭ᠎ᠠ ᠲᠠᠢ ᠪᠠᠷ ᠳᠡᠭᠡᠭᠰᠢᠯᠡᠭᠦᠯᠦᠨ᠎ᠡ᠃ | ᠬᠤᠶᠠᠷ ᠲᠤ᠂ ᠲᠥᠷᠥᠯ ᠵᠦᠢᠯ ᠤᠨ ᠲᠥᠯᠦᠪᠵᠢᠭᠦᠯᠭᠡ ᠶᠢᠨ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠲᠥᠷᠥᠯ ᠵᠦᠢᠯ ᠤᠨ | ᠲᠥᠯᠥᠪᠵᠢᠭᠦᠯᠭᠡ ᠶᠢ ᠪᠠᠶᠢᠩᠭᠤᠵᠢᠭᠤᠯᠤᠭᠰᠠᠨ᠂ ᠬᠥᠳᠡᠯᠦᠩᠭᠦᠶ ᠪᠠ ᠬᠠᠷᠠᠯᠲᠠᠲᠤ ᠬᠠᠮᠢᠶᠠᠷᠤᠯᠲᠠ ᠶᠢ ᠬᠡᠷᠡᠭᠵᠢᠭᠦᠯᠵᠦ᠂ ᠲᠥᠷᠥᠯ ᠵᠦᠢᠯ ᠤᠨ ᠬᠥᠮᠥᠷᠭᠡ ᠶᠢ | ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠬᠥᠭᠵᠢᠯᠲᠡ ᠶᠢᠨ ᠪᠠᠴᠢᠮ ᠬᠡᠷᠡᠭᠴᠡᠭᠡ ᠳᠤ ᠱᠠᠭᠠᠷᠳᠠᠭᠳᠠᠬᠤ ᠨᠠᠩ ᠣᠯᠠᠨ | ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠲᠥᠷᠥᠯ ᠵᠦᠢᠯ ᠵᠢᠴᠢ ᠳᠤᠮᠳᠠ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠶᠢᠨ ᠴᠢᠳᠠᠮᠵᠢ ᠶᠢᠨ ᠲᠤᠯᠭᠠᠭᠤᠷᠢᠯᠠᠬᠤ ᠲᠥᠷᠥᠯ ᠵᠦᠢᠯ ᠢ ᠤᠬᠠᠭᠠᠯᠠᠨ ᠨᠥᠭᠡᠴᠡᠯᠡᠵᠦ᠂ ᠨᠥᠭᠡᠴᠡ ᠪᠠᠷ ᠭᠦᠢᠴᠡᠳ᠂ ᠪᠦᠲᠦᠴᠡ ᠪᠠᠷ ᠵᠣᠬᠢᠰᠲᠠᠶ᠂ | ᠡᠷᠭᠢᠯᠳᠦᠭᠦᠯᠦᠨ ᠦᠷᠭᠦᠯᠵᠢᠯᠡᠬᠦ᠂ ᠲᠤᠯᠭᠠᠭᠤᠷᠢᠯᠠᠨ ᠬᠥᠭᠵᠢᠭᠦᠯᠬᠦ ᠲᠥᠷᠥᠯ ᠵᠦᠢᠯ ᠤᠨ ᠪᠣᠭᠤᠳᠠᠯᠯᠠᠨ ᠲᠦᠰᠦᠪᠯᠡᠬᠦ ᠪᠠᠶᠢᠷᠢᠰᠢᠯ ᠢ ᠪᠣᠶ ᠪᠣᠯᠭᠠᠨ᠎ᠠ᠃ | ᠭᠤᠷᠪᠠ ᠳᠤ᠂ ᠴᠢᠬᠤᠯᠠ ᠶᠡᠭᠡ ᠲᠥᠷᠥᠯ ᠵᠦᠢᠯ ᠤᠨ ᠪᠣᠭᠤᠳᠠᠯᠯᠠᠨ ᠲᠦᠰᠦᠪᠯᠡᠬᠦ ᠶᠢ ᠬᠢᠨᠠᠨ ᠪᠠᠶᠢᠴᠠᠭᠠᠵᠤ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ | ︽ᠴᠢᠬᠤᠯᠠ ᠶᠡᠭᠡ ᠲᠥᠷᠥᠯ ᠵᠦᠢᠯ ᠤᠨ ᠪᠣᠭᠤᠳᠠᠯᠯᠠᠨ ᠲᠥᠰᠦᠪᠯᠡᠬᠦ ᠲᠤᠰᠬᠠᠶ ᠲᠦᠷᠦᠯ ᠤᠨ ᠠᠵᠢᠯᠯᠠᠭ᠎ᠠ ᠶᠢ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠵᠤ | ᠤᠷᠮᠠᠰᠢᠭᠤᠯᠬᠤ ᠠᠷᠭ᠎ᠠ︾ ᠶᠢ ᠨᠡᠶᠢᠲᠡᠯᠡᠵᠦ᠂ ︽ᠤᠷᠤᠯᠳᠤᠭᠠᠨ ᠤ ᠲᠠᠪᠴᠠᠩ ᠭᠠᠷᠭᠠᠵᠤ᠂ ᠶᠡᠭᠡ ᠮᠥᠷᠦ᠋ᠢᠴᠡᠭᠡᠨ ᠶᠠᠪᠤᠭᠳᠠᠭᠤᠯᠬᠤ︾ ᠶᠢ ᠥᠷᠨᠢᠭᠦᠯᠵᠦ᠂ | ᠭᠤᠤᠯᠳᠠᠭᠤ ᠲᠥᠷᠥ ᠶᠢᠨ ᠪᠣᠳᠣᠯᠭ᠎ᠠ ᠶᠢ ᠰᠤᠳᠤᠯᠬᠤ᠂ ᠲᠥᠷᠥᠯ ᠵᠦᠢᠯ ᠢ ᠪᠣᠭᠤᠳᠠᠯᠯᠠᠨ ᠲᠥᠰᠦᠪᠯᠡᠬᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ᠂ | ᠳᠡᠭᠡᠳᠦ ᠱᠠᠳᠣ ᠠᠴᠠ ᠲᠡᠮᠡᠴᠡᠨ ᠣᠯᠬᠤ ᠪᠠᠷ ᠴᠢᠷᠮᠠᠶᠢᠨ ᠠᠵᠢᠯᠯᠠᠬᠤ᠂ ᠲᠥᠷᠥᠯ ᠵᠦᠢᠯ ᠢ ᠬᠡᠷᠡᠭᠵᠢᠭᠦᠯᠬᠦ ᠠᠬᠢᠴᠠ ᠵᠡᠷᠭᠡ ᠲᠠᠯ᠎ᠠ ᠪᠠᠷ ᠤᠷᠤᠯᠳᠤᠨ ᠲᠡᠮᠡᠴᠡᠨ᠎ᠡ᠃ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠲᠤᠰᠬᠠᠶ ᠲᠦᠷᠦᠯ ᠤᠨ ᠠᠵᠢᠯᠯᠠᠭ᠎ᠠ ᠦᠷᠨᠢᠭᠦᠯᠦᠨ᠎ᠡ | ᠨᠢᠭᠡ ᠳᠤ᠂ ᠴᠢᠬᠤᠯᠠ ᠶᠡᠭᠡ ᠲᠥᠷᠥᠯ ᠵᠦᠢᠯ ᠤᠨ ᠤᠷᠢᠳᠠᠴᠢ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠭᠦᠢᠴᠡᠳᠭᠡᠬᠦ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠳᠤ | ᠳᠠᠷᠤᠶ ᠶᠡᠷᠦᠩᠬᠡᠶᠢᠯᠡᠭᠰᠡᠨ ᠪᠠᠶᠢᠳᠠᠯ ᠢ ᠪᠦᠷᠢᠨ ᠣᠶᠢᠯᠠᠭᠠᠵᠤ᠂ ᠲᠥᠷᠥᠯ ᠵᠦᠢᠯ ᠤᠨ ᠬᠡᠯᠡᠯᠴᠡᠭᠡᠷ ᠲᠣᠭᠲᠠᠬᠤ ᠠᠴᠠ ᠡᠬᠢᠯᠡᠨ ᠠᠰᠢᠭᠯᠠᠯᠲᠠ ᠳᠤ ᠣᠷᠣᠭᠤᠯᠬᠤ | ᠬᠤᠭᠤᠴᠠᠭᠠᠨ ᠳᠠᠬᠢ ᠪᠣᠶ ᠪᠥᠬᠦᠶ ᠭᠠᠷᠳᠠᠮ ᠢ ᠭᠦᠢᠴᠡᠳᠭᠡᠬᠦ ᠭᠤᠭᠴᠤᠭ᠎ᠠ ᠶᠢ ᠡᠮᠬᠢᠯᠡᠨ ᠰᠢᠯᠢᠳᠡᠭᠵᠢᠭᠦᠯᠵᠦ᠂ ᠲᠥᠷᠥᠯ ᠵᠦᠢᠯ ᠤᠨ ᠦᠢᠯᠡᠴᠢᠯᠡᠭᠡᠨ ᠤ ᠪᠥᠬᠦ | ᠶᠠᠪᠤᠴᠠ ᠶᠢᠨ ᠴᠢᠭᠯᠡᠯᠲᠦ ᠵᠢᠷᠤᠭ ᠪᠠ ᠦᠢᠯᠡᠴᠢᠯᠡᠭᠡᠨ ᠤ ᠭᠠᠷ ᠳᠡᠪᠲᠡᠷ ᠢ ᠪᠣᠶ ᠪᠣᠯᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠬᠢᠴᠠ ᠶᠢ ᠲᠦᠷᠭᠡᠳᠭᠡᠨ᠎ᠡ᠃ | ᠬᠤᠶᠠᠷ ᠲᠤ᠂ ︽ᠤᠭᠰᠠᠷᠠᠮᠠᠯ ᠮᠠᠶ᠋ᠢᠭ︾ ᠤᠨ ᠨᠡᠶᠢᠯᠡᠭᠦᠯᠦᠨ ᠬᠢᠨᠠᠨ ᠵᠥᠪᠰᠢᠶᠡᠷᠡᠬᠦ ᠪᠠ ᠠᠮᠠᠯᠠᠯᠲᠠ ᠶᠢᠨ ᠲᠦᠷᠢᠮ ᠤᠨ ᠳᠤᠲᠠᠭᠳᠠᠯ ᠢ ᠨᠢ ᠪᠠᠭᠲᠠᠭᠠᠵᠤ | ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠠᠮᠲᠤᠷᠠᠨ ᠵᠥᠪᠳᠡᠯᠴᠡᠬᠦ ᠲᠦᠷᠢᠮ ᠢ ᠪᠠᠶᠢᠭᠤᠯᠵᠤ | ᠂ ︽ᠣᠷᠢᠳᠴᠢᠯᠠᠨ ᠬᠦᠯᠢᠶᠡᠨ ᠠᠪᠬᠤ + ᠳᠤᠲᠠᠭᠳᠠᠯ ᠢ ᠨᠢ ᠪᠠᠭᠲᠠᠭᠠᠵᠤ ᠬᠢᠨᠠᠨ ᠵᠦᠪᠰᠢᠶᠡᠷᠡᠬᠦ + ᠨᠡᠶᠢᠯᠡᠭᠦᠯᠦᠨ ᠬᠢᠨᠠᠨ ᠵᠥᠪᠰᠢᠶᠡᠷᠡᠬᠦ + ᠠᠮᠠᠯᠠᠯᠲᠠ ᠶᠢᠨ ᠳᠦᠷᠢᠮ | ︾ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢᠨ | ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠭᠤᠷᠪᠠ ᠳᠤ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠥᠪᠯᠡᠷᠡᠭᠦᠯᠦᠨ ᠬᠢᠨᠠᠨ ᠪᠠᠶᠢᠴᠠᠭᠠᠵᠤ ᠵᠥᠪᠰᠢᠶᠡᠷᠡᠬᠦ | ᠲᠤᠭᠲᠠᠴᠠ ᠶᠢ ᠪᠠᠶᠢᠭᠤᠯᠤᠨ᠎ᠠ᠃ ︽2025 ᠣᠨ ᠤ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭᠠᠨ ᠤ | ᠲᠥᠰᠦᠯ︾ ᠢ ᠲᠣᠭᠲᠠᠭᠠᠵᠤ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ | ᠠᠵᠢᠯᠯᠠᠭ᠎ᠠ ᠶᠢ ᠥᠷᠨᠢᠭᠦᠯᠦᠨ᠎ᠡ᠃ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠥᠪᠯᠡᠷᠡᠭᠦᠯᠦᠨ | ᠭᠦᠢᠴᠡᠳᠭᠡᠬᠦ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠭᠤᠤᠯᠳᠠᠯᠭ᠎ᠠ ᠲᠠᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠲᠥᠪᠯᠡᠷᠡᠭᠦᠯᠦᠨ ᠠᠵᠢᠯᠯᠠᠬᠤ᠂ | ᠬᠤᠯᠪᠣᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠲᠦᠷᠪᠡ ᠳᠤ᠂ ︽ᠠᠵᠤ ᠠᠬᠤᠶᠢᠯᠠᠯ ᠭᠡᠷ ᠲᠤ ᠨᠢ ᠬᠦᠷᠴᠦ ᠬᠢᠨᠠᠨ ᠵᠥᠪᠰᠢᠶᠡᠷᠡᠬᠦ ᠦᠢᠯᠡᠴᠢᠯᠡᠭᠡ︾ ᠶᠢᠨ ᠠᠵᠢᠯᠯᠠᠭ᠎ᠠ ᠦᠷᠨᠢᠭᠦᠯᠦᠨ᠎ᠡ᠃ ︽ᠪᠠᠶᠢᠷᠢ ᠰᠣᠯᠢᠵᠤ | ᠭᠦᠢᠴᠡᠳᠭᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠢᠨᠠᠨ ᠵᠥᠪᠰᠢᠶᠡᠷᠡᠬᠦ ᠡᠭᠦᠷᠭᠡ ᠶᠢᠨ ᠡᠬᠡ ᠲᠠᠩᠰᠠ ᠶᠢ ᠪᠠᠶᠢᠭᠤᠯᠵᠤ᠂ ᠲᠤᠬᠠᠶ ᠶᠢᠨ ᠲᠠᠯᠠᠪᠠᠶ ᠳᠤ ᠠᠵᠤ | ᠠᠬᠤᠶᠢᠯᠠᠯ ᠳᠤ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠵᠢᠯᠣᠭᠤᠳᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠲᠥᠷᠥᠯ ᠵᠦᠢᠯ ᠲᠣᠭᠲᠠᠭᠠᠬᠤ ᠠᠴᠠ | ᠪᠠᠷᠢᠯᠭ᠎ᠠ ᠶᠢᠨ ᠠᠵᠢᠯ ᠡᠬᠢᠯᠡᠭᠦᠯᠬᠦ ᠬᠦᠷᠲᠡᠯᠡᠬᠢ ᠬᠢᠨᠠᠨ ᠵᠥᠪᠰᠢᠶᠡᠷᠡᠬᠦ ᠪᠥᠬᠦ ᠶᠠᠪᠤᠴᠠ᠂ ᠪᠥᠬᠦ ᠡᠯᠧᠮᠧᠨ᠋ᠲ ᠤᠨ ᠪᠠᠲᠤᠯᠠᠭ᠎ᠠ ᠶᠢ ᠬᠠᠩᠭᠠᠵᠤ᠂ ᠲᠥᠷᠥᠯ ᠵᠦᠢᠯ ᠤᠨ | ᠬᠢᠨᠠᠨ ᠵᠥᠪᠰᠢᠶᠡᠷᠡᠯ ᠤᠨ ︽ᠠᠵᠤ ᠠᠬᠤᠶᠢᠯᠠᠯ ᠰᠠᠯᠠᠭ᠎ᠠ ᠮᠥᠴᠢᠷ ᠢ ᠡᠷᠢᠵᠦ ᠪᠠᠶᠢᠭᠰᠠᠨ︾ ᠠᠴᠠ ᠪᠠᠨ ︽ᠵᠠᠰᠠᠭ ᠤᠨ ᠣᠷᠳᠣᠨ ᠠᠵᠤ ᠠᠬᠤᠶᠢᠯᠠᠯ ᠢ ᠡᠷᠢᠬᠦ︾ | ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ | ᠲᠠᠪᠤ ᠳᠤ᠂ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠦᠪᠰᠢᠶᠡᠷᠡᠯ ᠢ ᠣᠯᠣᠮᠠᠭᠴᠠ ᠳᠠᠷᠤᠢ ᠠᠵᠢᠯ ᠢᠶᠠᠨ ᠡᠬᠢᠯᠡᠭᠦᠯᠬᠦ︾ ᠵᠠᠭᠪᠤᠷ ᠢ | ᠪᠠᠶᠢᠭᠤᠯᠤᠨ᠎ᠠ᠃ ︽ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︿ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠦᠪᠰᠢᠶᠡᠷᠡᠯ ᠢ ᠣᠯᠣᠮᠠᠭᠴᠠ ᠳᠠᠷᠤᠢ | ᠠᠵᠢᠯ ᠢᠶᠠᠨ ᠡᠬᠢᠯᠡᠭᠦᠯᠬᠦ﹀ ᠶᠢᠨ ᠬᠡᠷᠡᠭᠵᠢᠭᠦᠯᠬᠦ ᠰᠠᠨᠠᠯ︾ ᠢ ᠰᠤᠳᠤᠯᠤᠨ ᠲᠣᠭᠲᠠᠭᠠᠵᠤ᠂ ︽ᠨᠢᠭᠡ ᠲᠥᠷᠥᠯ ᠵᠦᠢᠯ ᠨᠢ ᠨᠢᠭᠡ ᠲᠥᠰᠥᠯ ᠲᠠᠢ ᠪᠠᠶᠢᠬᠤ︾ | ᠦᠢᠯᠡᠴᠢᠯᠡᠭᠡᠨ ᠤ ᠨᠠᠷᠢᠨ ᠲᠠᠩᠰᠠ ᠶᠢ ᠪᠠᠶᠢᠭᠤᠯᠵᠤ᠂ ᠰᠠᠨᠠᠮᠵᠢ ᠲᠠᠢ ᠲᠥᠷᠥᠯ ᠵᠦᠢᠯ ᠤᠨ ︽ᠬᠠᠮᠢᠶᠠᠷᠤᠭᠴᠢ︾ ᠪᠣᠯᠬᠤ ᠶᠢ ᠬᠡᠷᠡᠭᠵᠢᠭᠦᠯᠵᠦ᠂ ᠪᠦᠬᠦᠯᠢ ᠡᠳᠦᠷ ᠢᠶᠠᠷ | ᠸᠢᠴᠠᠲ ᠤᠨ ᠲᠠᠪᠴᠠᠩ ᠢᠶᠠᠷ ᠦᠢᠯᠡᠴᠢᠯᠠᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠠᠬᠢᠴᠠ ᠶᠢ ᠮᠡᠳᠡᠭᠳᠡᠬᠦ ᠵᠡᠷᠭᠡ ᠪᠣᠳᠠᠲᠠᠶ | ᠠᠷᠭ᠎ᠠ ᠬᠡᠮᠵᠢᠶ᠎ᠡ ᠶᠢ ᠠᠪᠴᠤ᠂ ︽ᠲᠥᠷᠥᠯ ᠵᠦᠢᠯ ᠢ ᠲᠣᠭᠲᠠᠭᠠᠮᠠᠭᠴᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠦᠪᠰᠢᠶᠡᠷᠡᠯ ᠢ ᠣᠯᠵᠤ ᠲᠡᠷᠡ | ᠳᠠᠷᠤᠢ ᠳᠤ ᠨᠢ ᠠᠵᠢᠯ ᠢᠶᠠᠨ ᠡᠬᠢᠯᠡᠭᠦᠯᠬᠦ︾ ᠶᠢ ᠪᠡᠶᠡᠯᠡᠭᠦᠯᠦᠨ᠎ᠡ᠃ | ᠵᠢᠷᠭᠤᠭ᠎ᠠ ᠳᠤ᠂ ︽ᠲᠦᠷᠭᠡᠨ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠲᠦᠷᠭᠡᠨ ᠢᠶᠠᠷ ᠰᠤᠳᠤᠯᠤᠨ ᠮᠠᠭᠠᠳᠯᠠᠬᠤ᠂ ᠲᠦᠷᠭᠡᠨ ᠢᠶᠠᠷ ᠴᠤᠬᠤᠯᠠᠪᠤᠷᠢᠯᠠᠬᠤ︾ | ᠥᠨᠳᠥᠷ ᠪᠦᠲᠦᠮᠵᠢᠲᠡᠶ ᠰᠢᠢᠳᠪᠦᠷᠢᠲᠦ ᠪᠣᠳᠣᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ | ᠪᠠᠷᠢᠮᠵᠢᠶᠠᠵᠢᠭᠤᠯᠤᠭᠰᠠᠨ ᠮᠠᠲ᠋ᠧᠷᠢᠶᠠᠯ ᠤᠨ ᠴᠢᠬᠤᠯᠠ ᠨᠥᠬᠦᠴᠡᠯ ᠤᠨ ᠨᠠᠷᠢᠨ ᠳᠠᠩᠰᠠ ᠪᠠ ᠬᠢᠨᠠᠨ ᠪᠠᠶᠢᠴᠠᠭᠠᠬᠤ ᠭᠤᠤᠯᠳᠠᠯᠭ᠎ᠠ ᠶᠢ ᠲᠥᠷᠥᠯ ᠬᠤᠪᠢᠶᠠᠨ | ᠲᠣᠭᠲᠠᠭᠠᠵᠤ᠂ ᠤᠷᠢᠳᠴᠢᠯᠠᠨ ᠬᠢᠨᠠᠬᠤ ᠪᠠᠷ ᠳᠡᠮᠵᠢᠨ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠦᠷᠦᠯ ᠤᠨ ᠲᠥᠷᠥᠯ ᠵᠦᠢᠯ ᠢ 1 ᠠᠵᠢᠯᠯᠠᠬᠤ | ᠡᠳᠦᠷ ᠤᠨ ᠳᠣᠲᠣᠷ᠎ᠠ ᠵᠢᠩᠬᠢᠨᠢ ᠪᠠᠷ ᠴᠣᠬᠤᠯᠠᠪᠤᠷᠢ ᠭᠠᠷᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠢ 3 ᠠᠵᠢᠯᠯᠠᠬᠤ | ᠡᠳᠦᠷ ᠤᠨ ᠳᠣᠲᠣᠷ᠎ᠠ ᠵᠢᠩᠬᠢᠨᠢ ᠪᠠᠷ ᠴᠣᠬᠤᠯᠠᠪᠤᠷᠢ ᠭᠠᠷᠭᠠᠵᠤ ᠥᠭᠭᠦᠨ᠎ᠡ᠃ ᠬᠤᠷᠠᠯ ᠠᠴᠠ ᠰᠤᠳᠤᠯᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠬᠤᠯᠠᠲᠠᠢ | ᠬᠢᠨᠠᠨ ᠵᠥᠪᠰᠢᠶᠡᠷᠡᠬᠦ ᠵᠦᠢᠯᠡᠰ ᠢ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠱᠠᠲᠤᠨ ᠤ ᠤᠳᠤᠷᠢᠳᠤᠯᠭ᠎ᠠ ᠪᠣᠯᠤᠨ ᠡᠯ᠎ᠡ ᠰᠠᠯᠠᠭ᠎ᠠ ᠮᠥᠴᠢᠷ 2 ᠡᠳᠦᠷ ᠤᠨ | ᠳᠣᠲᠣᠷ᠎ᠠ ᠲᠤᠰᠬᠠᠢ ᠬᠤᠷᠠᠯ ᠬᠤᠷᠠᠯᠳᠤᠭᠤᠯᠵᠤ ᠬᠢᠨᠠᠨ ᠲᠣᠭᠲᠠᠭᠠᠬᠤ ᠶᠢᠨ ᠳᠠᠭᠠᠤ ᠬᠠᠷᠢᠭᠤ ᠵᠠᠬᠢᠳᠠᠯ᠂ ᠬᠤᠷᠠᠯ ᠤᠨ ᠲᠣᠪᠴᠢ ᠲᠡᠮᠳᠡᠭᠯᠡᠯ ᠵᠡᠷᠭᠡ ᠪᠢᠴᠢᠭ | ᠮᠠᠲ᠋ᠧᠷᠢᠶᠠᠯ ᠢ ᠬᠠᠩᠭᠠᠵᠤ᠂ ᠪᠢᠴᠢᠭ ᠮᠠᠲ᠋ᠧᠷᠢᠶᠠᠯ ᠭᠠᠷᠭᠠᠵᠤ ᠥᠭᠬᠦ ᠦᠶᠡᠯᠡᠯ ᠤᠨ ᠬᠤᠭᠤᠴᠠᠭ᠎ᠠ ᠨᠢ ᠤᠷᠲᠤ ᠠᠴᠠ ᠪᠤᠯᠵᠤ ᠲᠦᠷᠦᠯ ᠵᠦᠢᠯ ᠢ ᠬᠢᠨᠠᠨ ᠵᠥᠪᠰᠢᠶᠡᠷᠡᠬᠦ | ᠠᠬᠢᠴᠠ ᠶᠢ ᠨᠥᠯᠥᠭᠡᠯᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ | ᠴᠢᠬᠤᠯᠠ ᠶᠡᠭᠡ ᠲᠦᠷᠦᠯ ᠵᠦᠢᠯ ᠤᠨ ︽ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠦᠢᠯᠡᠴᠢᠯᠡᠭᠡᠨ ᠤ ᠲᠤᠰᠬᠠᠢ ᠲᠦᠷᠦᠯ ᠤᠨ | ᠠᠵᠢᠯᠯᠠᠭ᠎ᠠ ᠶᠢ ᠦᠷᠨᠢᠭᠦᠯᠦᠨ᠎ᠡ | ᠨᠢᠭᠡ ᠳᠤ᠂ ᠴᠢᠬᠤᠯᠠ ᠶᠡᠭᠡ ᠲᠥᠷᠥᠯ ᠵᠦᠢᠯ ᠤᠨ ᠤᠳᠤᠷᠢᠳᠬᠤ ᠺᠠᠳ᠋ᠷ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠭᠦᠨᠵᠡᠭᠡᠶᠢᠷᠡᠭᠦᠯᠦᠨ᠎ᠡ᠃ ︽ | ᠴᠢᠬᠤᠯᠠ ᠶᠡᠭᠡ ᠲᠥᠷᠥᠯ ᠵᠦᠢᠯ ᠤᠨ ᠰᠢᠶᠠᠨ ᠤ ᠱᠠᠲᠤᠨ ᠤ ᠤᠳᠤᠷᠢᠳᠤᠯᠭ᠎ᠠ ᠶᠢᠨ ︿ᠬᠠᠷᠢᠭᠤᠴᠠᠯᠭ᠎ᠠ ᠶᠢᠨ ᠳᠦᠷᠢᠮ﹀ ᠤᠨ ᠠᠵᠢᠯ ᠤᠨ ᠲᠥᠰᠥᠯ︾ ᠢ ᠰᠤᠳᠤᠯᠤᠨ | ᠲᠣᠭᠲᠠᠭᠠᠵᠤ᠂ ᠲᠥᠷᠥᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠨᠠᠷᠢᠨ ᠳᠠᠩᠰᠠ ᠶᠢ ᠪᠠᠶᠢᠭᠤᠯᠤᠨ᠂ ︽ᠨᠢᠭᠡ ᠲᠥᠷᠥᠯ ᠵᠦᠢᠯ ᠢ ᠨᠢᠭᠡ ᠤᠳᠤᠷᠢᠳᠤᠯᠭ᠎ᠠ | ᠬᠠᠷᠢᠭᠤᠴᠠᠵᠤ᠂ ᠨᠢᠭᠡ ᠢᠵᠢ ᠲᠤᠰᠬᠠᠢ ᠠᠩᠭᠢ ᠶᠢ ᠪᠠᠶᠢᠭᠤᠯᠤᠨ᠂ ᠨᠢᠭᠡ ᠲᠤᠰᠬᠠᠢ ᠬᠥᠮᠥᠨ ᠠᠴᠠ ᠭᠤᠣᠯᠴᠢᠯᠠᠨ ᠨᠢᠭᠡ ᠪᠠᠷ ᠡᠴᠦᠰ ᠲᠤ ᠨᠢ ᠲᠤᠯᠲᠠᠯ᠎ᠠ ᠠᠳᠬᠤᠬᠤ︾ | ︽1+ N︾ ᠤᠨ ᠪᠥᠬᠦ ᠶᠠᠪᠤᠴᠠ ᠶᠢᠨ ᠦᠢᠯᠡᠴᠢᠯᠡᠭᠡᠨ ᠤ ᠵᠠᠭᠪᠤᠷ ᠶᠣᠰᠣᠭᠠᠷ᠂ ᠲᠥᠷᠥᠯ ᠵᠦᠢᠯ ᠢ ᠲᠣᠭᠲᠠᠭᠠᠬᠤ᠂ ᠠᠵᠢᠯ ᠢᠶᠠᠨ ᠡᠬᠢᠯᠡᠭᠦᠯᠬᠦ᠂ ᠪᠦᠲᠦᠭᠡᠨ | ᠪᠠᠶᠢᠭᠤᠯᠬᠤ᠂ ᠰᠢᠯᠭᠠᠨ ᠠᠪᠬᠤ᠂ ᠠᠰᠢᠭᠯᠠᠯᠲᠠ ᠳᠤ ᠣᠷᠣᠭᠤᠯᠬᠤ ᠵᠡᠷᠭᠡ ᠡᠯ᠎ᠡ ᠵᠠᠩᠭᠢᠯᠠᠭ᠎ᠠ ᠠᠴᠠ ᠭᠠᠷᠳᠠᠵᠤ᠂ ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ᠂ | ᠣᠷᠣᠯᠠᠨ ᠭᠦᠢᠴᠡᠳᠬᠡᠬᠦ᠂ ᠵᠣᠬᠢᠴᠠᠭᠤᠯᠤᠨ ᠭᠦᠢᠴᠡᠳᠬᠡᠬᠦ᠂ ᠳᠠᠭᠠᠭᠤᠯᠤᠨ ᠭᠦᠢᠴᠡᠳᠭᠡᠬᠦ᠂ ᠠᠩᠬᠠᠷᠤᠨ ᠭᠦᠢᠴᠡᠳᠬᠡᠬᠦ ᠶᠢ ᠪᠡᠶᠡᠯᠡᠭᠦᠯᠵᠦ᠂ ᠬᠠᠷᠠᠯᠲᠠ᠂ ᠡᠭᠦᠷᠭᠡ᠂ | ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠤᠨ ︽ᠳᠥᠷᠪᠡ ᠶᠢ ᠨᠠᠶᠢᠳᠠᠪᠤᠷᠢᠵᠢᠭᠤᠯᠬᠤ︾ ᠶᠢ ᠪᠡᠶᠡᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠴᠠᠭ ᠬᠤᠭᠤᠴᠠᠭ᠎ᠠ᠂ ᠠᠬᠢᠴᠠ᠂ ᠪᠡᠯᠡ ᠣᠷᠣᠭᠤᠯᠤᠯᠲᠠ ᠶᠢᠨ ︽ᠭᠤᠷᠪᠠ ᠶᠢ ᠵᠡᠷᠭᠡ ᠳᠤ ᠨᠢ ᠶᠠᠪᠤᠭᠳᠠᠭᠤᠯᠬᠤ︾ ᠶᠢ ᠪᠡᠶᠡᠯᠡᠭᠦᠯᠦᠨ᠃ | ᠬᠤᠶᠠᠷ ᠲᠤ᠂ ᠴᠢᠬᠤᠯᠠ ᠶᠡᠭᠡ ᠲᠥᠷᠥᠯ ᠵᠦᠢᠯ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠢ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ︽ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠠᠵᠢᠯ ᠤᠨ ᠲᠣᠭᠲᠠᠴᠠ︾ ᠶᠢ ᠲᠣᠭᠲᠠᠭᠠᠵᠤ᠂ ᠰᠠᠷ᠎ᠠ ᠪᠦᠷᠢ ᠴᠢᠬᠤᠯᠠ ᠶᠡᠭᠡ ᠲᠥᠷᠥᠯ ᠵᠦᠢᠯ ᠤᠨ | ᠬᠤᠯᠪᠤᠭᠠᠲᠤ ᠬᠤᠷᠠᠯ ᠪᠠ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠠᠬᠢᠭᠤᠯᠬᠤ ᠬᠤᠷᠠᠯ᠂ ᠠᠵᠢᠯᠯᠠᠭᠠᠨ ᠤ ᠵᠠᠳᠠᠯᠤᠯᠲᠠ ᠶᠢᠨ ᠬᠤᠷᠠᠯ ᠢ | ᠬᠤᠷᠠᠯᠳᠤᠭᠤᠯᠵᠤ᠂ ᠪᠠᠷᠢᠯᠭ᠎ᠠ ᠶᠢᠨ ᠠᠵᠢᠯ ᠤᠨ ᠬᠡᠯᠡᠯᠴᠡᠭᠡᠷ ᠥᠯᠥ ᠲᠣᠭᠲᠠᠭᠰᠠᠨ᠂ ᠭᠡᠷᠡᠴᠢ ᠪᠠᠷᠢᠮᠲᠠ ᠥᠬᠡᠶ ᠵᠢᠴᠢ ᠡᠮᠦᠨᠡᠬᠢ ᠬᠤᠭᠤᠴᠠᠭᠠᠨ ᠤ ᠭᠠᠷ ᠭᠦᠢᠴᠡᠳᠭᠡᠯ | ᠬᠢᠭᠰᠡᠨ ᠦᠭᠡᠢ ᠬᠦᠴᠦᠨ ᠵᠦᠢᠯ ᠤᠨ ᠪᠠᠲᠤᠯᠠᠭ᠎ᠠ ᠬᠤᠴᠣᠷᠤᠩᠭᠤᠶ ᠵᠡᠷᠭᠡ ᠰᠢᠯᠲᠠᠭᠠᠨ ᠠᠴᠠ ᠪᠣᠯᠵᠣ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠵᠣᠭᠰᠣᠭᠠᠬᠤ᠂ ᠪᠥᠲᠥᠭᠡᠨ ᠪᠠᠶᠢᠭᠤᠯᠤᠭᠰᠠᠨ ᠲᠥᠷᠥᠯ ᠵᠦᠢᠯ ᠢ ᠬᠥᠮᠥᠷᠭᠡ ᠳᠤ ᠣᠷᠤᠭᠤᠯᠵᠤ ᠳᠡᠶᠢᠯᠬᠦ ᠥᠬᠡᠶ᠂ ᠬᠥᠮᠥᠷᠭᠡ ᠳᠤ ᠣᠷᠤᠭᠤᠯᠤᠭᠰᠠᠨ ᠲᠥᠷᠥᠯ ᠵᠦᠢᠯ ᠢ | ᠨᠢᠭᠡᠳᠦᠯᠲᠡᠶ ᠪᠦᠷᠢᠳᠭᠡᠯ ᠳᠤ ᠣᠷᠣᠭᠤᠯᠵᠤ ᠲᠡᠶᠢᠯᠬᠦ ᠥᠬᠡᠶ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠵᠣᠬᠢᠴᠠᠭᠤᠯᠤᠨ ᠰᠢᠢᠳᠪᠦᠷᠢᠯᠡᠵᠦ᠂ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢ ᠪᠦᠷᠢᠳᠭᠡᠪᠡᠰᠦ ᠵᠣᠬᠢᠬᠤ ᠶᠢ ᠨᠢ ᠴᠥᠮ ᠪᠦᠷᠢᠳᠭᠡᠬᠦ ᠶᠢ ᠪᠡᠶᠡᠯᠡᠭᠦᠯᠦᠨ᠎ᠡ᠃ | ᠭᠤᠷᠪᠠ ᠳᠤ᠂ ︽ᠳᠦᠷᠪᠡᠨ ᠲᠦᠷᠦᠯ ᠢ ᠳᠡᠭᠡᠭᠰᠢᠯᠡᠭᠦᠯᠬᠦ︾ ᠤᠨ ᠠᠵᠤ ᠠᠬᠤᠶᠢᠯᠠᠯ ᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ︽︿ᠳᠦᠷᠪᠡᠨ | ᠲᠦᠷᠦᠯ ᠢ ᠳᠡᠭᠡᠭᠰᠢᠯᠡᠭᠦᠯᠬᠦ﹀ ᠠᠵᠤ ᠠᠬᠤᠶᠢᠯᠠᠯ ᠤᠨ ᠬᠡᠪᠴᠢᠶᠡᠵᠢᠯ ᠤᠨ ᠪᠠᠷᠢᠮᠵᠢᠶ᠎ᠠ ᠳᠤ ᠬᠦᠷᠦᠭᠰᠡᠨ ᠢ ᠬᠦᠮᠦᠷᠭᠡ ᠳᠤ ᠣᠷᠤᠭᠤᠯᠬᠤ ᠪᠦᠷᠢᠳᠭᠡᠯ ᠳᠤ ᠣᠷᠤᠭᠤᠯᠬᠤ | ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠱᠠᠩᠨᠠᠨ ᠵᠣᠷᠢᠭᠵᠢᠭᠤᠯᠬᠤ ᠠᠷᠭ᠎ᠠ ᠶᠢ ᠢᠵᠢ ᠪᠥᠷᠢᠳᠦᠭᠦᠯᠦᠨ ᠲᠣᠭᠲᠠᠭᠠᠵᠤ᠂ ᠬᠡᠪᠴᠢᠶᠡᠵᠢᠯ ᠤᠨ ᠪᠠᠷᠢᠮᠵᠢᠶ᠎ᠠ ᠳᠤ | ᠬᠦᠷᠴᠦ ᠪᠦᠷᠢᠳᠭᠡᠯ ᠳᠤ ᠣᠷᠤᠭᠤᠯᠤᠭᠰᠠᠨ ᠠᠵᠤ ᠠᠬᠤᠶᠢᠯᠠᠯ ᠳᠤ ᠵᠣᠬᠢᠬᠤ ᠬᠡᠮᠵᠢᠶᠡᠨ ᠤ ᠵᠣᠭᠤᠰ ᠮᠥᠩᠭᠦᠨ ᠤ ᠱᠠᠩᠨᠠᠯ ᠣᠯᠭᠤᠵᠤ᠂ ᠡᠵᠡᠩᠨᠡᠯᠲᠡ ᠶᠢᠨ | ᠬᠡᠪᠴᠢᠶᠡᠵᠢᠯ ᠤᠨ ᠪᠠᠷᠢᠮᠵᠢᠶ᠎ᠠ ᠳᠤ ᠬᠦᠷᠴᠦ ᠪᠦᠷᠢᠳᠭᠡᠯ ᠳᠤ ᠣᠷᠤᠭᠤᠯᠤᠭᠰᠠᠨ ᠨᠥᠬᠦᠴᠡᠯ ᠢ ᠲᠦᠷᠭᠡᠳᠭᠡᠨ ᠪᠦᠷᠢᠯᠳᠦᠭᠦᠯᠬᠦ ᠶᠢ ᠠᠬᠢᠭᠤᠯᠵᠤ᠂ ᠬᠡᠪᠴᠢᠶᠡᠵᠢᠯ ᠤᠨ | ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠢ ᠴᠢᠳᠠᠬᠤ ᠶᠢᠨ ᠬᠢᠷᠢ ᠪᠠᠷ ᠪᠦᠷᠢᠳᠭᠡᠯ ᠳᠤ ᠣᠷᠣᠭᠤᠯᠵᠤ᠂ ᠬᠤᠰᠢᠭᠤ ᠲᠣᠭᠤᠷᠢᠭ ᠤᠨ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠨᠡᠮᠡᠭᠳᠡᠯ ᠴᠡᠭ ᠢ ᠪᠤᠶᠢᠵᠢᠭᠤᠯᠤᠨ᠎ᠠ᠃ | ᠳᠥᠷᠪᠡ ᠳᠤ᠂ ︽ᠳᠣᠯᠤᠭ᠎ᠠ ᠶᠢ ᠪᠡᠶᠡᠯᠡᠭᠦᠯᠦᠭᠡᠳᠦᠢ︾ ᠲᠥᠷᠥᠯ ᠵᠦᠢᠯ ᠤᠨ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ᠎ᠠ᠃ | ︽ᠵᠦᠪᠳᠡᠯᠴᠡᠭᠡ ᠬᠡᠯᠡᠯᠴᠡᠭᠡᠷ ᠬᠢᠭᠰᠡᠨ ᠪᠣᠯᠪᠠᠴᠣ ᠭᠠᠷ ᠤᠨ ᠦᠰᠦᠭ ᠥᠯᠥ ᠵᠢᠷᠤᠭᠠᠳᠣᠢ᠂ ᠭᠠᠷ ᠤᠨ ᠦᠰᠦᠭ ᠵᠢᠷᠤᠭᠰᠠᠨ ᠪᠣᠯᠪᠠᠴᠣ ᠠᠵᠢᠯ ᠥᠯᠥ | ᠡᠬᠢᠯᠡᠭᠡᠳᠦᠢ᠂ ᠠᠵᠢᠯ ᠡᠬᠢᠯᠡᠭᠰᠡᠨ ᠪᠣᠯᠪᠠᠴᠣ ᠪᠠᠷᠢᠯᠭ᠎ᠠ ᠥᠯᠥ ᠳᠠᠭᠤᠰᠤᠭᠠᠳᠤᠶ᠂ ᠪᠠᠷᠢᠯᠭ᠎ᠠ ᠪᠠᠶᠢᠭᠤᠯᠤᠭᠰᠠᠨ ᠪᠣᠯᠪᠠᠴᠣ ᠬᠥᠮᠥᠷᠭᠡ ᠳᠤ ᠥᠯᠥ ᠣᠷᠣᠭᠤᠯᠤᠭᠠᠳᠤᠶ᠂ | ᠪᠠᠷᠢᠯᠭ᠎ᠠ ᠪᠠᠶᠢᠭᠤᠯᠵᠤ ᠳᠠᠭᠤᠰᠤᠭᠰᠠᠨ ᠪᠣᠯᠪᠠᠴᠣ ᠠᠰᠢᠭᠯᠠᠯᠲᠠ ᠳᠤ ᠥᠯᠥ ᠣᠷᠣᠭᠤᠯᠤᠭᠠᠳᠤᠶ᠂ ᠠᠰᠢᠭᠯᠠᠯᠲᠠ ᠳᠤ ᠣᠷᠤᠭᠰᠠᠨ ᠪᠣᠯᠪᠠᠴᠣ ᠬᠡᠪᠴᠢᠶᠡᠵᠢᠯ ᠳᠤ ᠥᠯᠥ | ᠣᠷᠣᠭᠤᠯᠤᠭᠠᠳᠤᠶ᠂ ᠬᠡᠪᠴᠢᠶᠡᠵᠢᠯ ᠳᠤ ᠣᠷᠤᠭᠰᠠᠨ ᠪᠣᠯᠪᠠᠴᠣ ᠪᠦᠬᠦ ᠬᠦᠴᠦᠨ ᠢᠶᠠᠷ ᠥᠯᠥ ᠦᠢᠯᠡᠳᠪᠦᠷᠢᠯᠡᠵᠦ ᠳᠡᠶᠢᠯᠦᠭᠡᠳᠦᠢ︾ ᠵᠡᠷᠭᠡ ︽ᠳᠣᠯᠤᠭ᠎ᠠ ᠶᠢ | ᠪᠡᠶᠡᠯᠡᠭᠦᠯᠦᠭᠡᠳᠦᠢ︾ ᠲᠥᠷᠥᠯ ᠵᠦᠢᠯ ᠤᠨ ᠨᠠᠷᠢᠨ ᠳᠠᠩᠰᠠ ᠪᠠ ᠠᠰᠠᠭᠤᠳᠠᠯ ᠤᠨ ᠨᠠᠷᠢᠨ ᠳᠠᠩᠰᠠ ᠶᠢ ᠲᠥᠷᠥᠯ ᠬᠤᠪᠢᠶᠠᠨ ᠡᠮᠬᠢᠯᠡᠵᠦ᠂ ᠠᠰᠠᠭᠤᠳᠠᠯ ᠢ | ᠰᠢᠢᠳᠪᠦᠷᠢᠯᠡᠬᠦ ᠬᠠᠷᠢᠭᠤᠴᠠᠯᠭᠠᠲᠤ ᠪᠠᠶᠢᠭᠤᠯᠭ᠎ᠠ ᠨᠢᠭᠡᠴᠢ᠂ ᠬᠠᠷᠢᠭᠤᠴᠠᠯᠭᠠᠲᠠᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠭᠦᠢᠴᠡᠳᠬᠡᠵᠦ ᠳᠠᠭᠤᠰᠬᠠᠬᠤ ᠴᠠᠭ ᠤᠨ | ᠬᠢᠵᠠᠭᠠᠷ ᠢ ᠲᠣᠳᠣᠷᠬᠠᠶᠢᠯᠠᠨ᠂ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠴᠠᠭ ᠲᠤᠬᠠᠶ ᠳᠤ ᠨᠢ ᠠᠰᠢᠭᠯᠠᠯᠲᠠ ᠳᠤ ᠣᠷᠣᠭᠤᠯᠤᠨ᠂ ᠡᠷᠲᠡᠬᠡᠨ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ | ᠡᠬᠢ ᠪᠠᠶᠠᠯᠢᠭ ᠤᠨ ᠡᠯᠧᠮᠧᠨ᠋ᠲ ᠢ ᠰᠢᠯᠢᠳᠡᠭᠵᠢᠭᠦᠯᠦᠨ ᠲᠣᠬᠢᠷᠠᠭᠤᠯᠬᠤ ᠲᠤᠰᠬᠠᠢ ᠲᠦᠷᠦᠯ ᠤᠨ ᠠᠵᠢᠯᠯᠠᠭ᠎ᠠ ᠶᠢ ᠥᠷᠨᠢᠭᠦᠯᠦᠨ᠎ᠡ | ᠨᠢᠭᠡ ᠳᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ + ᠤᠷᠤᠨ ᠪᠦᠰᠡ ᠶᠢᠨ | ᠦᠨᠡᠯᠡᠯᠲᠡ ᠶᠢᠨ ᠵᠠᠭᠪᠤᠷ︾ ᠢ ᠬᠡᠷᠡᠭᠵᠢᠭᠦᠯᠦᠨ᠎ᠡ᠃ ᠲᠤᠰᠬᠠᠶ ᠪᠠᠶᠢᠭᠤᠯᠤᠮᠵᠢ ᠶᠢ ᠤᠷᠢᠵᠤ ᠦᠨᠡᠯᠡᠯᠲᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠪᠢᠴᠢᠵᠦ᠂ ︽ | ᠪᠠᠷᠢᠮᠵᠢᠶᠠᠲᠤ ᠭᠠᠵᠠᠷ︾ ᠤᠨ ᠲᠥᠷᠥᠯ ᠵᠦᠢᠯ ᠤᠨ ᠠᠵᠢᠯ ᠢᠶᠠᠨ ᠡᠬᠢᠯᠡᠭᠦᠯᠦᠨ ᠪᠥᠲᠥᠭᠡᠨ ᠪᠠᠶᠢᠭᠤᠯᠤᠯᠲᠠ ᠳᠤ ᠱᠠᠭᠠᠷᠲᠠᠭᠳᠠᠬᠤ ᠣᠰᠤ᠂ ᠴᠠᠬᠢᠯᠭᠠᠨ᠂ ᠵᠠᠮ᠂ | ᠴᠢᠮᠡᠭᠡ ᠬᠤᠯᠪᠣᠭ᠎ᠠ᠂ ᠪᠣᠬᠢᠷ ᠤᠰᠤ ᠭᠠᠳᠠᠭᠰᠢᠯᠠᠭᠤᠯᠬᠤ ᠪᠠ ᠭᠠᠵᠠᠷ ᠰᠢᠷᠣᠶ ᠶᠢ ᠲᠡᠭᠰᠢᠯᠡᠬᠦ ᠵᠡᠷᠭᠡ ᠦᠨᠳᠦᠰᠦᠨ ᠨᠥᠬᠦᠴᠡᠯ ᠢ ᠵᠣᠬᠢᠶᠠᠨ ᠪᠠᠶᠢᠭᠤᠯᠤᠨ ᠰᠠᠶᠢᠲᠤᠷ | ᠬᠢᠵᠦ᠂ ︽ᠬᠡᠷᠡᠭ ᠤᠨ ᠡᠮᠦᠨ᠎ᠡ ᠪᠠᠷᠢᠮᠵᠢᠶ᠎ᠠ ᠲᠣᠭᠲᠠᠭᠠᠬᠤ᠂ ᠬᠡᠷᠡᠭ ᠤᠨ ᠳᠤᠮᠳᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠡᠷᠡᠭ ᠤᠨ ᠳᠠᠷᠠᠭ᠎ᠠ ᠴᠢᠩᠭ᠎ᠠ | ᠰᠢᠯᠭᠠᠨ ᠠᠪᠬᠤ︾ ᠰᠢᠨ᠎ᠡ ᠬᠡᠯᠪᠡᠷᠢ ᠶᠢᠨ ᠭᠠᠵᠠᠷ ᠬᠠᠩᠭᠠᠬᠤ ᠵᠠᠭᠪᠤᠷ ᠢ ᠪᠠᠶᠢᠭᠤᠯᠵᠤ᠂ ︽ᠲᠥᠷᠥᠯ ᠵᠦᠢᠯ ᠨᠢ ᠭᠠᠵᠠᠷ ᠢ ᠬᠦᠯᠢᠶᠡᠬᠦ︾ ᠪᠠᠶᠢᠭᠰᠠᠨ ᠠᠴᠠ ︽ | ᠭᠠᠵᠠᠷ ᠨᠢ ᠲᠥᠷᠥᠯ ᠵᠦᠢᠯ ᠢ ᠬᠦᠯᠢᠶᠡᠬᠦ︾ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ | ᠬᠤᠶᠠᠷ ᠲᠤ᠂ ᠰᠢᠨ᠎ᠡ ᠨᠢᠭᠡ ᠡᠭᠡᠯᠵᠢ ᠶᠢᠨ ᠠᠭᠤᠷᠬᠠᠢ ᠶᠢᠨ ᠨᠡᠭᠡᠭᠡᠯᠲᠡ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠤᠳᠣᠯᠭ᠎ᠠ ᠶᠢᠨ ᠠᠵᠢᠯᠯᠠᠭ᠎ᠠ | ᠦᠷᠨᠢᠭᠦᠯᠦᠨ᠎ᠡ᠃ ︽ᠰᠢᠯᠢᠳᠡᠭ ᠢ ᠨᠢ ᠰᠣᠩᠭᠤᠨ ᠭᠠᠷᠭᠠᠵᠤ ᠨᠢᠭᠡ ᠪᠦᠯᠦᠭ ᠢ ᠨᠢ ᠰᠢᠯᠵᠢᠭᠦᠯᠦᠨ ᠬᠤᠳᠠᠯᠳᠤᠬᠤ᠂ ᠰᠢᠯᠵᠢᠭᠦᠯᠬᠦ ᠶᠢ ᠠᠬᠢᠭᠤᠯᠵᠤ ᠨᠢᠭᠡ ᠪᠦᠯᠦᠭ ᠢ ᠨᠢ | ᠨᠡᠭᠡᠭᠡᠨ ᠮᠠᠯᠲᠠᠬᠤ᠂ ᠰᠢᠯᠢᠳᠡᠭᠵᠢᠭᠦᠯᠦᠨ ᠨᠢᠭᠡ ᠪᠦᠯᠦᠭ ᠢ ᠨᠢ ᠡᠮᠬᠢᠯᠡᠨ ᠨᠡᠶᠢᠯᠡᠭᠦᠯᠬᠦ᠂ ᠬᠠᠶᠢᠨ ᠰᠦᠪᠡᠭᠴᠢᠯᠡᠵᠦ ᠨᠢᠭᠡ ᠪᠦᠯᠦᠭ ᠢ ᠨᠢ ᠨᠥᠬᠡᠴᠡᠯᠡᠬᠦ᠂ ᠠᠵᠢᠯ | ᠰᠡᠷᠭᠦᠭᠡᠵᠦ ᠨᠢᠭᠡ ᠪᠦᠯᠦᠭ ᠢ ᠨᠢ ᠦᠢᠯᠡᠳᠪᠦᠷᠢᠯᠡᠬᠦ᠂ ᠡᠭᠦᠳᠡ ᠪᠠᠨ ᠬᠠᠭᠠᠵᠤ ᠨᠢᠭᠡ ᠪᠦᠯᠦᠭ ᠢ ᠨᠢ ᠤᠬᠤᠷᠢᠭᠤᠯᠤᠨ ᠭᠠᠷᠭᠠᠬᠤ︾ ᠵᠡᠷᠭᠡ ᠠᠷᠭ᠎ᠠ ᠬᠡᠮᠵᠢᠶ᠎ᠡ ᠶᠢ | ᠠᠪᠴᠤ᠂ ᠪᠥᠬᠦ ᠲᠠᠯ᠎ᠠ ᠪᠠᠷ᠂ ᠰᠢᠰᠲ᠋ᠧᠮᠲᠦ ᠴᠢᠨᠠᠷᠲᠠᠶ ᠪᠠᠷ ᠡᠨᠧᠷᠭᠢ ᠪᠠ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ | ᠬᠥᠭᠵᠢᠭᠦᠯᠬᠦ ᠪᠠ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠠᠬᠢᠭᠤᠯᠵᠤ᠂ ᠬᠠᠶᠢᠨ ᠰᠢᠨᠵᠢᠬᠦ᠂ ᠨᠡᠭᠡᠭᠡᠨ ᠮᠠᠯᠲᠠᠬᠤ᠂ ᠰᠣᠩᠭᠤᠬᠤ᠂ ᠪᠣᠯᠪᠠᠰᠤᠷᠠᠭᠤᠯᠬᠤ᠂ ᠪᠥᠬᠦ ᠠᠵᠤ | ᠦᠢᠯᠡᠰ ᠤᠨ ᠬᠡᠯᠬᠢᠶᠡᠵᠢᠯ ᠢ ᠨᠢᠭᠡ ᠴᠤᠭᠴᠠᠵᠢᠭᠤᠯᠤᠭᠰᠠᠨ ᠪᠣᠬᠢᠷᠲᠤᠯ ᠥᠬᠡᠶ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ | ᠭᠤᠷᠪᠠ ᠳᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠪᠠ ᠭᠤᠣᠯᠳᠠᠯᠭ᠎ᠠ ᠲᠠᠢ ᠠᠵᠤ ᠦᠢᠯᠡᠰ ᠢ | ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠤᠨ᠎ᠠ᠃ | ᠲᠤᠰᠬᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠳᠤ ᠨᠠᠶᠢᠳᠠᠨ ᠠᠵᠢᠯᠯᠠᠭᠤᠯᠵᠤ᠂ ︽ᠡᠬᠡ ᠰᠠᠭᠤᠷᠢ ᠮᠥᠩᠭᠦ + ᠬᠦᠦ ᠰᠠᠭᠤᠷᠢ ᠮᠥᠩᠭᠦ︾ | ᠶᠢᠨ ᠪᠦᠲᠦᠴᠡ ᠪᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢ ᠬᠥᠳᠡᠯᠭᠡᠵᠦ᠂ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠢᠵᠢ ᠪᠦᠷᠢᠳᠦᠭᠦᠯᠬᠦ | ᠪᠠ ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠠᠵᠤ ᠦᠢᠯᠡᠰ ᠤᠨ ᠰᠠᠭᠤᠷᠢ ᠮᠥᠩᠭᠦ ᠶᠢ ᠭᠤᠤᠯᠯᠠᠬᠤ | ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠨᠡᠭᠡᠭᠡᠨ ᠬᠥᠭᠵᠢᠭᠦᠯᠬᠦ᠂ ᠪᠦᠲᠦᠭᠡᠨ ᠪᠠᠶᠢᠭᠤᠯᠬᠤ᠂ ᠡᠵᠡᠩᠨᠡᠬᠦ ᠳᠤ ᠣᠷᠤᠯᠴᠠᠭᠤᠯᠬᠤ ᠰᠢᠨ᠎ᠡ ᠵᠠᠮ ᠢᠶᠠᠷ ᠵᠠᠮᠨᠠᠭᠤᠯᠤᠨ᠎ᠠ | ᠃ | | | |