ᠣᠶᠢᠷ᠎ᠠ ᠳᠤ᠂ ᠪᠠᠶᠠᠨᠨᠠᠭᠤᠷ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠠᠴᠠ 2024 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠢᠨᠠᠨ ᠰᠢᠯᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ 7 ᠬᠤᠰᠢᠭᠤ ᠰᠢᠶᠠᠨ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠢᠨᠠᠨ ᠰᠢᠯᠭᠠᠯᠲᠠ ᠳᠤ | ᠶᠡᠷᠦᠩᠬᠡᠶᠢᠯᠡᠨ ᠦᠨᠡᠯᠡᠨ ᠲᠣᠭᠲᠠᠭᠠᠯᠲᠠ ᠬᠢᠬᠦ ᠪᠠᠷ ᠳᠡᠮᠵᠢᠨ᠂ ᠤᠷᠠᠳ ᠤᠨ ᠳᠤᠮᠳᠠᠳᠤ ᠬᠤᠰᠢᠭᠤ 2024 ᠣᠨ ᠤ ᠪᠥᠬᠦ ᠬᠤᠲᠠ ᠶᠢᠨ ᠠᠶᠤᠯᠭᠦᠶ | ᠦᠢᠯᠡᠳᠪᠦᠷᠢᠯᠡᠯ ᠤᠨ ᠬᠢᠨᠠᠨ ᠰᠢᠯᠭᠠᠯᠲᠠ ᠶᠢᠨ ᠰᠢᠯᠢᠳᠡᠭ ᠳᠡᠰ ᠢᠶᠠᠷ ᠦᠨᠡᠯᠡᠭᠳᠡᠪᠡ᠃ | 2024 ᠣᠨ ᠳᠤ᠂ ᠣᠷᠠᠳ ᠤᠨ ᠳᠣᠮᠳᠠᠳᠣ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠣ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠪᠠ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ | ᠳᠥᠯᠭᠢᠨ ᠠᠬᠢᠭᠤᠯᠵᠤ᠂ ᠬᠠᠷᠢᠭᠤᠴᠠᠯᠭ᠎ᠠ ᠶᠢᠨ ᠰᠢᠰᠲ᠋ᠧᠮ ᠢ ᠨᠠᠩ ᠪᠦᠷᠢᠨᠰᠢᠬᠦᠯᠵᠦ᠂ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠭᠰᠠᠨ ᠦᠷ᠎ᠡ ᠪᠦᠲᠦᠮᠵᠢ ᠢᠯᠡᠳᠲᠡ ᠪᠣᠯᠵᠣ᠂ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠵᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ | ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ᠂ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠭᠠᠷᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ | ᠪᠠᠭᠤᠷᠠᠵᠤ᠂ ᠠᠳᠡᠭᠰᠡᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃ | ᠲᠠᠷᠠᠭᠠᠴᠢ ᠶᠢᠨ ᠠᠯᠬᠤᠮ ᠳᠤ᠂ ᠣᠷᠠᠳ ᠤᠨ ᠳᠣᠮᠳᠠᠳᠣ ᠬᠤᠰᠢᠭᠤ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ︽ | ᠵᠢᠷᠭᠤᠭᠠᠨ ᠨᠢᠭᠡ︾ ᠶᠢᠨ ᠠᠵᠢᠯ ᠤᠨ ᠲᠣᠭᠲᠠᠭᠠᠯᠲᠠ ᠶᠢ ᠭᠦᠨᠵᠡᠭᠡᠶᠢᠷᠡᠭᠦᠯᠵᠣ᠂ ᠦᠨᠳᠦᠰᠦᠨ ᠠᠴᠠ ᠨᠢ ᠵᠠᠰᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ | ︽ᠱᠠᠯᠠᠪᠳᠠᠭᠤᠯᠬᠤ ᠬᠠᠪᠰᠤᠷᠬᠤ ᠶᠢ ᠨᠢᠭᠡ ᠴᠤᠬᠴᠠᠵᠢᠭᠤᠯᠬᠤ︾ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠨᠢᠭᠡ | ᠶᠠᠪᠤᠳᠠᠯ︾ ᠤᠨ ᠪᠦᠬᠦ ᠬᠡᠯᠬᠢᠶᠡᠵᠢᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠬᠦ | ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠳᠡᠯ ᠢ ᠪᠦᠲᠦᠮᠵᠢᠲᠡᠢ ᠬᠤᠷᠢᠭᠯᠠᠵᠤ᠂ ᠠᠷᠠᠳ ᠤᠯᠠᠨ ᠤ ᠠᠮᠢ ᠨᠠᠰᠤ | ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠬᠤ ᠪᠠᠷ ᠪᠣᠢ᠃ | |