ᠲᠦᠭᠦᠬᠡᠶ ᠰᠢᠨ᠎ᠡ ᠰᠣᠷᠭᠤᠭ ᠮᠢᠬᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠬᠦᠴᠦᠲᠡᠶ ᠪᠥᠭᠡᠳ ᠪᠦᠲᠦᠮᠵᠢᠲᠡᠶ ᠴᠢᠩᠭᠠᠳᠬᠠᠵᠤ | ᠂ ᠡᠵᠡᠩᠨᠡᠯᠲᠡ ᠶᠢᠨ ᠭᠤᠤᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠂ ᠰᠢᠯᠭᠠᠨ ᠪᠠᠶᠢᠴᠠᠭᠠᠯᠲᠠ ᠬᠢᠵᠢᠭ | ᠪᠠᠶᠢᠴᠠᠭᠠᠯᠲᠠ ᠶᠢ ᠳᠠᠮᠵᠢᠭᠰᠠᠨ ᠥᠬᠡᠶ ᠵᠢᠴᠢ ᠢᠷᠡᠯᠲᠡ ᠨᠢ ᠲᠣᠳᠣᠷᠬᠠᠶ ᠥᠬᠡᠶ ᠲᠦᠭᠦᠬᠡᠶ ᠰᠢᠨ᠎ᠡ ᠰᠣᠷᠭᠤᠭ ᠮᠢᠬ᠎ᠠ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ | ᠴᠢᠩᠭ᠎ᠠ ᠰᠡᠷᠭᠡᠶᠢᠯᠡᠬᠦ ᠶᠢᠨ ᠲᠥᠯᠥᠭᠡ᠂ 2025 ᠣᠨ ᠤ 3 ᠰᠠᠷ᠎ᠠ ᠶᠢᠨ 31 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠯᠲᠠ ᠬᠠᠮᠢᠶᠠᠷᠣᠯᠲᠠ ᠶᠢᠨ ᠭᠠᠵᠠᠷ ᠬᠠᠷᠢᠶᠠᠲᠤ ᠣᠷᠣᠨ ᠤ ᠳᠣᠲᠣᠷᠠᠬᠢ ᠰᠢᠨ᠎ᠡ ᠰᠣᠷᠭᠤᠭ ᠮᠢᠬᠠᠨ ᠤ ᠡᠵᠡᠩᠨᠡᠯᠲᠡ ᠶᠢᠨ | ᠭᠤᠤᠯ ᠴᠣᠭᠴᠠ ᠳᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠵᠠᠬ᠎ᠠ ᠳᠡᠯᠭᠡᠭᠦᠷ ᠤᠨ ᠲᠦᠭᠦᠬᠡᠶ ᠰᠢᠨ᠎ᠡ ᠰᠣᠷᠭᠤᠭ ᠮᠢᠬ᠎ᠠ ᠪᠣᠷᠣᠯᠠᠭᠤᠯᠬᠤ ᠳᠡᠯᠭᠡᠭᠦᠷ᠂ ᠠᠷᠠᠳ ᠲᠤ ᠲᠥᠬᠦᠮ | ᠦᠵᠡᠭᠦᠯᠬᠦ ᠵᠠᠬ᠎ᠠ ᠳᠡᠯᠭᠡᠭᠦᠷ ᠤᠨ ᠲᠣᠮᠣ ᠳᠤᠮᠳᠠ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠪᠠᠷ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠰᠢᠨ᠎ᠡ | ᠰᠣᠷᠭᠤᠭ ᠮᠢᠬ᠎ᠠ ᠬᠤᠳᠠᠯᠳᠤᠬᠤ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠬᠡᠮ ᠨᠢ ᠬᠠᠣᠯᠢ ᠳᠤ ᠨᠡᠶᠢᠴᠡᠭᠰᠡᠨ ᠡᠰᠡᠬᠦ᠂ ᠪᠣᠷᠣᠯᠠᠭᠤᠯᠵᠣ ᠪᠠᠶᠢᠭ᠎ᠠ ᠮᠢᠬ᠎ᠠ ᠨᠢ | ᠰᠢᠨ᠎ᠡ ᠰᠣᠷᠭᠤᠭ ᠪᠠᠶᠢᠬᠤ ᠡᠰᠡᠬᠦ᠂ ᠣᠨᠳᠣᠤ ᠦᠨᠦᠷ᠂ ᠢᠯᠵᠠᠷᠠᠮᠠᠯ ᠦᠨᠦᠷ ᠪᠠᠶᠢᠬᠤ ᠡᠰᠡᠬᠦ᠂ ᠥᠩᠭᠡ ᠪᠠᠶᠢᠳᠠᠯ ᠨᠢ ᠬᠡᠪ ᠤᠨ ᠪᠤᠰᠤ ᠪᠠᠶᠢᠬᠤ ᠵᠡᠷᠭᠡ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠪᠠ︔ ᠬᠤᠳᠠᠯᠳᠤᠵᠤ ᠪᠠᠶᠢᠭ᠎ᠠ ᠲᠦᠭᠦᠬᠡᠶ ᠰᠢᠨ᠎ᠡ ᠰᠣᠷᠭᠤᠭ ᠮᠢᠬ᠎ᠠ ᠨᠢ ᠣᠷᠣᠭᠤᠯᠵᠣ ᠠᠪᠴᠢᠷᠠᠭᠰᠠᠨ ᠣᠳᠠᠭ᠎ᠠ ᠪᠦᠯᠦᠭ ᠲᠠᠢ ᠪᠠᠨ | ᠨᠡᠶᠢᠴᠡᠵᠣ ᠪᠠᠶᠢᠬᠤ ᠡᠰᠡᠬᠦ᠂ ︽ᠮᠢᠬ᠎ᠠ ᠦᠨᠡᠮᠯᠡᠯ ᠤᠨ ᠮᠡᠳᠡᠭᠡ ᠵᠠᠩᠬᠢ ᠨᠢ ᠨᠢᠭᠡᠳᠦᠯᠲᠠᠢ︾ ᠪᠠᠶᠢᠬᠤ ᠡᠰᠡᠬᠦ᠂ ᠮᠦᠷᠳᠡᠨ ᠪᠠᠶᠢᠴᠠᠭᠠᠵᠣ ᠪᠣᠯᠬᠤ ᠡᠰᠡᠬᠦ᠂ ᠠᠮᠢᠲᠠᠨ ᠤ | ᠪᠦᠲᠦᠭᠡᠭᠳᠡᠬᠦᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠦᠨᠡᠮᠯᠡᠯ᠂ ᠮᠢᠬᠠᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ | ᠦᠨᠡᠮᠯᠡᠯ ᠪᠠᠶᠢᠬᠤ ᠡᠰᠡᠬᠦ ᠵᠡᠷᠭᠡ ᠶᠢ ᠪᠠᠶᠢᠴᠠᠭᠠᠪᠠ᠂ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠢ ᠱᠠᠯᠠᠪᠳᠠᠭᠤᠯᠵᠣ ᠪᠠᠶᠢᠭᠠᠳ ᠴᠢᠨᠠᠷ | ᠬᠤᠪᠢᠷᠠᠭᠰᠠᠨ᠂ ᠣᠨᠳᠣᠤ ᠦᠨᠦᠷᠲᠦ ᠲᠦᠭᠦᠬᠡᠶ ᠮᠢᠬᠠᠨ ᠤ ᠲᠥᠷᠥᠯ ᠢ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠵᠠᠮ ᠮᠥᠷ ᠨᠢ ᠲᠣᠳᠤᠷᠬᠠᠢ ᠦᠭᠡᠢ᠂ ᠳᠤᠷ᠎ᠠ ᠪᠠᠷ | ᠠᠯᠠᠵᠤ ᠨᠢᠲᠤᠯᠵᠤ ᠪᠠᠶᠢᠭ᠎ᠠ ᠲᠦᠬᠦᠬᠡᠢ ᠮᠢᠬ᠎ᠠ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠡᠷᠡᠰ ᠬᠤᠷᠢᠭᠯᠠᠵᠣ᠂ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠢ | ᠦᠨᠡᠨ ᠬᠦ ᠪᠠᠲᠣᠯᠠᠬᠤ ᠬᠡᠷᠡᠭᠲᠡᠢ ᠭᠡᠵᠣ ᠱᠠᠭᠠᠷᠳᠠᠪᠠ᠃ | ᠳᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠲᠥᠷᠥᠯ ᠤᠨ ᠵᠠᠬ᠎ᠠ ᠳᠡᠯᠭᠡᠭᠦᠷ ᠤᠨ ᠬᠢᠨᠠᠯᠲᠠ | ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠵᠡᠩᠨᠡᠭᠴᠢᠳ ᠢ ᠱᠠᠯᠠᠪᠳᠠᠭᠤᠯᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠤᠬᠠᠮᠰᠠᠷ ᠢ ᠨᠢ ᠴᠢᠩᠭᠠᠳᠬᠠᠵᠤ᠂ ᠮᠢᠬᠠᠨ ᠤ ᠲᠥᠷᠥᠯ ᠤᠨ ᠪᠦᠲᠦᠭᠡᠭᠳᠡᠭᠦᠨ ᠤ ᠪᠠᠷᠠᠭ᠎ᠠ ᠣᠷᠣᠭᠤᠯᠬᠤ ᠪᠣᠭᠤᠮᠲᠠ ᠪᠠ ᠡᠵᠡᠩᠨᠡᠯᠲᠡ ᠶᠢᠨ ᠪᠣᠭᠤᠮᠲᠠ ᠶᠢ ᠴᠢᠩᠭ᠎ᠠ | ᠰᠠᠬᠢᠵᠤ᠂ ᠣᠯᠠᠨ ᠲᠦᠮᠡᠨ ᠤ ᠢᠳᠡᠭᠡᠨ ᠣᠮᠳᠠᠭᠠᠨ ᠤ ᠠᠮᠣᠷ ᠲᠦᠪᠰᠢᠨ ᠢ ᠦᠨᠡᠨ ᠬᠦ ᠪᠠᠳᠣᠯᠠᠬᠤ ᠪᠠᠷ ᠪᠣᠢ᠃ | |