ᠬᠡᠪ ᠤᠨ ᠪᠣᠷᠳᠣᠭᠤᠷ ᠣᠷᠣᠭᠤᠯᠬᠤ ᠪᠠ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ ᠬᠤᠶᠠᠷ ᠵᠦᠢᠯ ᠤᠨ ᠪᠤᠷᠳᠤᠭᠤᠷ ᠣᠷᠣᠭᠤᠯᠬᠤ ᠵᠠᠭᠪᠤᠷ ᠨᠢ | ᠪᠤᠷᠳᠤᠭᠤᠷ ᠤᠨ ᠠᠰᠢᠭᠯᠠᠯᠲᠠ ᠶᠢᠨ ᠨᠤᠷᠮ᠎ᠠ ᠳᠤ ᠦᠵᠡᠭᠦᠯᠬᠦ ᠨᠦᠯᠦᠭᠡ ᠶᠢ ᠬᠠᠷᠢᠴᠠᠭᠤᠯᠬᠤ ᠶᠢᠨ ᠲᠥᠯᠥᠭᠡ᠂ 3 ᠰᠠᠷ᠎ᠠ ᠶᠢᠨ 27 ᠤ ᠡᠳᠦᠷ ᠲᠠᠷᠢᠶᠠᠯᠠᠩ ᠤᠨ | ᠬᠥᠭᠵᠢᠭᠦᠯᠦᠯᠲᠡ ᠶᠢᠨ ᠲᠥᠪ ᠤᠨ ᠮᠡᠷᠭᠡᠵᠢᠯ ᠤᠨ ᠠᠵᠢᠯᠲᠠᠳ ᠦᠵᠦᠭᠦᠷ ᠭᠤᠣᠯ ᠪᠠᠯᠭᠠᠰᠤᠨ ᠳᠤ ᠪᠤᠭᠤᠳᠠᠢ ᠶᠢᠨ ᠪᠤᠷᠳᠤᠭᠤᠷ ᠤᠨ ᠠᠰᠢᠭᠯᠠᠯᠲᠠ ᠶᠢᠨ ᠨᠣᠷᠮ᠎ᠠ ᠶᠢᠨ | ᠲᠤᠷᠰᠢᠯᠲᠠ ᠬᠢᠵᠦ᠂ 5 ᠰᠢᠢᠳᠪᠦᠷᠢᠯᠡᠬᠦ ᠭᠠᠵᠠᠷ ᠤᠨ ᠲᠣᠭᠤᠷᠢᠭ ︵ᠬᠤᠭᠤᠰᠣᠨ ᠭᠠᠵᠠᠷ᠂ ᠠᠽᠣᠲ ᠦᠭᠡᠢ ᠭᠠᠵᠠᠷ᠂ ᠹᠣᠰᠹᠣᠷ ᠦᠭᠡᠢ ᠭᠠᠵᠠᠷ᠂ ᠺᠠᠯᠢ ᠦᠭᠡᠢ | ᠭᠠᠵᠠᠷ᠂ ᠠᠽᠣᠲ ᠹᠣᠰᠹᠣᠷ ᠺᠠᠯᠢ ᠶᠢᠨ ᠭᠠᠵᠠᠷ︶ ᠢ ᠭᠠᠷᠭᠠᠵᠤ᠂ ᠭᠠᠵᠠᠷ ᠤᠨ ᠲᠣᠭᠤᠷᠢᠭ ᠪᠦᠷᠢ ᠶᠢ 52 ᠲᠡᠭᠰᠢ ᠳᠥᠷᠪᠡᠯᠵᠢᠨ ᠮᠧᠲᠷ᠂ ᠡᠯ᠎ᠡ ᠲᠣᠭᠤᠷᠢᠭ ᠲᠤ | ᠪᠣᠷᠳᠣᠭᠤᠷ ᠣᠷᠣᠭᠤᠯᠬᠤ ᠠᠷᠭ᠎ᠠ ᠬᠡᠮᠵᠢᠶ᠎ᠡ ᠨᠢ ᠠᠳᠠᠯᠢ ᠪᠤᠰᠤ ᠠᠴᠠ ᠭᠠᠳᠠᠨ᠎ᠠ᠂ ᠤᠰᠤᠯᠠᠯᠲᠠ᠂ ᠡᠪᠡᠰᠦ ᠠᠷᠢᠯᠭᠠᠬᠤ᠂ ᠡᠪᠡᠳᠴᠢᠨ ᠬᠤᠷᠣᠬᠠᠢ ᠶᠢ ᠰᠡᠷᠭᠡᠶᠢᠯᠡᠨ | ᠵᠠᠰᠠᠬᠤ ᠵᠡᠷᠭᠡ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠴᠥᠮ ᠠᠳᠠᠯᠢ ᠪᠥᠭᠡᠳ ᠲᠤᠬᠠᠢ ᠶᠢᠨ ᠭᠠᠵᠠᠷ ᠤᠨ ᠦᠢᠯᠡᠳᠪᠦᠷᠢᠯᠡᠯ ᠤᠨ | ᠳᠠᠳᠬᠠᠯ ᠲᠠᠢ ᠨᠡᠶᠢᠴᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ ᠮᠡᠷᠭᠡᠵᠢᠯ ᠤᠨ ᠠᠵᠢᠯᠲᠠᠳ ᠪᠤᠭᠤᠳᠠᠢ ᠶᠢᠨ ᠤᠷᠭᠤᠯᠲᠠ ᠶᠢᠨ ᠠᠳᠠᠯᠢ ᠪᠤᠰᠤ ᠴᠠᠭ ᠬᠤᠭᠤᠴᠠᠭ᠎ᠠ ᠶᠢ ᠦᠨᠳᠦᠰᠦᠯᠡᠨ ᠲᠡᠭᠦᠨ ᠳᠤ | ᠵᠣᠬᠢᠬᠤ ᠪᠤᠲᠠᠯᠢᠭ ᠪᠣᠷᠳᠣᠭᠤᠷ ᠣᠷᠣᠭᠤᠯᠵᠣ᠂ ᠲᠠᠷᠢᠶᠠᠨ ᠭᠠᠵᠠᠷ ᠢ ᠠᠵᠢᠭᠯᠠᠨ ᠲᠡᠮᠳᠡᠭᠯᠡᠬᠦ᠂ ᠤᠨᠠᠯᠲᠠ ᠶᠢ ᠬᠡᠮᠵᠢᠬᠦ᠂ ᠬᠥᠷᠥᠰᠥ ᠰᠢᠷᠣᠢ ᠵᠢᠴᠢ ᠤᠷᠭᠤᠮᠠᠯ ᠢ | ᠰᠢᠯᠭᠠᠨ ᠪᠠᠶᠢᠴᠠᠭᠠᠬᠤ ᠵᠡᠷᠭᠡ ᠠᠵᠢᠯ ᠢ ᠬᠢᠬᠦ ᠪᠣᠯᠤᠨ᠎ᠠ᠃ ᠲᠠᠷᠢᠶᠠᠨ ᠭᠠᠵᠠᠷ ᠤᠨ ᠲᠤᠷᠰᠢᠯᠲᠠ ᠪᠠᠷ ᠳᠠᠮᠵᠢᠭᠤᠯᠤᠨ ᠲᠠᠷᠢᠶᠠᠴᠢᠳ ᠲᠤ ᠰᠢᠨᠵᠢᠯᠡᠬᠦ ᠤᠬᠠᠭᠠᠨᠴᠢ | ᠪᠣᠷᠳᠣᠭᠤᠷ ᠣᠷᠣᠭᠤᠯᠬᠤ ᠵᠢᠯᠣᠭᠤᠳᠤᠯᠭ᠎ᠠ ᠵᠢᠴᠢ ᠪᠤᠭᠤᠳᠠᠶ ᠶᠢᠨ ᠰᠢᠮ᠎ᠡ ᠲᠡᠵᠢᠭᠡᠯ ᠰᠢᠩᠭᠡᠭᠡᠬᠦ ᠬᠡᠮᠵᠢᠶ᠎ᠡ ᠪᠠ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠵᠡᠷᠭᠡ | ᠪᠣᠯᠵᠣᠯᠲᠤ ᠲᠤᠭ᠎ᠠ ᠶᠢ ᠬᠠᠩᠭᠠᠵᠤ᠂ ᠲᠤᠰ ᠭᠠᠵᠠᠷ ᠣᠷᠣᠨ ᠳᠤ ᠲᠠᠷᠢᠵᠤ ᠤᠷᠭᠤᠭᠤᠯᠬᠤ ᠳᠤ ᠲᠣᠬᠢᠷᠠᠬᠤ ᠪᠣᠷᠳᠣᠭᠤᠷ ᠣᠷᠣᠭᠤᠯᠬᠤ ᠵᠠᠭᠪᠤᠷ ᠢ ᠳ᠋ᠦᠩᠨᠡᠨ ᠭᠠᠷᠭᠠᠵᠤ᠂ | ᠪᠣᠷᠳᠣᠭᠤᠷ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢ ᠬᠠᠩᠭᠠᠬᠤ ᠪᠣᠯᠣᠨ᠎ᠠ᠃ | |