ᠮᠠᠨ ᠤ ᠣᠷᠣᠨ ᠤ ᠬᠢᠯᠢ ᠬᠢᠵᠠᠭᠠᠷ ᠲᠤ ᠪᠠᠶᠢᠷᠢᠰᠢᠭ᠎ᠠ 131 ᠠᠶᠢᠯ ᠲᠤᠰᠬᠤᠨ ᠳᠤ ᠴᠥᠮ ᠰᠢᠤᠳᠠᠨ ᠤ ᠱᠤᠭᠤᠮ ᠢ ᠨᠡᠪᠲᠡᠷᠡᠭᠦᠯᠪᠡ᠃ ᠬᠢᠯᠢ ᠬᠢᠵᠠᠭᠠᠷ | ᠣᠷᠣᠨ ᠳᠠᠬᠢ ᠣᠯᠠᠨ ᠲᠦᠮᠡᠨ ᠤ ᠰᠢᠤᠳᠠᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ | ᠬᠤᠪᠢᠶᠠᠷᠢ ᠺᠣᠮᠫᠠᠨᠢ ᠠᠴᠠ ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ ᠣᠷᠣᠨ ᠳᠠᠬᠢ ᠰᠢᠤᠳᠠᠨ ᠤ ᠱᠤᠭᠤᠮ ᠢ ᠨᠡᠪᠲᠡᠷᠡᠭᠦᠯᠬᠦ ᠠᠵᠢᠯ ᠢᠶᠠᠨ | ᠦᠷᠭᠦᠯᠵᠢᠯᠡᠨ ᠰᠠᠶᠢᠲᠤᠷ ᠬᠢᠵᠦ᠂ 2021 ᠣᠨ ᠳᠤ ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ ᠣᠷᠣᠨ ᠳᠤ ᠰᠢᠤᠳᠠᠨ ᠤ ᠱᠤᠭᠤᠮ ᠢ 17 ᠵᠣᠷᠪᠣᠰ | ᠨᠡᠪᠲᠡᠷᠡᠭᠦᠯᠪᠡ᠂ 2022 ᠣᠨ ᠳᠤ ᠰᠢᠯᠢ ᠶᠢᠨ ᠭᠤᠤᠯ ᠠᠶᠢᠮᠠᠭ᠂ ᠬᠢᠩᠭᠠᠨ ᠠᠶᠢᠮᠠᠭ ᠤᠨ ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ ᠣᠷᠣᠨ ᠳᠤ | ᠰᠢᠤᠳᠠᠨ ᠤ ᠱᠤᠭᠤᠮ ᠢ ᠨᠡᠪᠲᠡᠷᠡᠭᠦᠯᠪᠡ᠂ 2024 ᠣᠨ ᠳᠤ ᠬᠢᠯᠢ ᠬᠢᠵᠠᠭᠠᠷ ᠲᠡᠯᠡᠶ ᠲᠠᠩᠭᠢᠰ ᠤᠨ ᠬᠠᠮᠠᠭᠠᠯᠠᠯᠲᠠ ᠶᠢᠨ 71 ᠴᠡᠭ ᠪᠠᠶᠢᠷᠢ ᠳᠤ ᠰᠢᠤᠳᠠᠨ ᠤ ᠱᠤᠭᠤᠮ | ᠨᠡᠪᠲᠡᠷᠡᠭᠦᠯᠪᠡ᠂ ᠪᠥᠬᠦ ᠵᠢᠯ ᠳᠠᠬᠢ ᠬᠦᠷᠭᠡᠯᠲᠡ ᠶᠢᠨ ᠵᠠᠢ ᠨᠢ 396.7 ᠲᠦᠮᠡᠨ ᠺᠢᠯᠣᠮᠧᠲᠷ ᠲᠤ ᠬᠦᠷᠴᠦ᠂ ᠬᠢᠯᠢ ᠶᠢᠨ ᠪᠠᠶᠢᠭᠤᠯᠤᠮᠵᠢᠲᠤ ᠲᠣᠰᠬᠤᠨ ᠪᠠ ᠬᠢᠯᠢ ᠶᠢᠨ | ᠬᠠᠮᠠᠭᠠᠯᠠᠯᠲᠠ ᠶᠢᠨ ᠴᠡᠷᠢᠭ ᠠᠩᠭᠢ ᠳᠤ ᠰᠣᠨᠢᠨ ᠰᠡᠳᠬᠦᠯ᠂ ᠭᠤᠪᠢᠭᠤᠯᠭ᠎ᠠ᠂ ᠵᠠᠬᠢᠳᠠᠯ ᠬᠦᠷᠭᠡᠭᠰᠡᠨ ᠶᠡᠷᠦᠩᠬᠡᠢ ᠲᠤᠭ᠎ᠠ ᠵᠠᠭᠤᠨ ᠲᠦᠮᠡ ᠶᠢ ᠳᠠᠪᠠᠭᠰᠠᠨ ᠪᠠᠶᠢᠨ᠎ᠠ᠃ | ᠡᠨᠡ ᠵᠢᠯ ᠤᠨ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠤ ᠬᠢᠯᠢ ᠬᠢᠵᠠᠭᠠᠷ ᠲᠤ ᠪᠠᠶᠢᠷᠢᠰᠢᠭ᠎ᠠ 131 ᠠᠶᠢᠯ ᠲᠣᠰᠬᠤᠨ ᠳᠤ ᠰᠢᠦᠳᠠᠨ ᠢᠶᠠᠷ | ᠨᠡᠶᠢᠳᠡᠮ ᠳᠤ ᠨᠢ ᠦᠢᠯᠡᠴᠢᠯᠡᠬᠦ ᠶᠢ ᠪᠦᠬᠦᠨ ᠢ ᠪᠦᠷᠬᠦᠭᠦᠯᠵᠦ᠂ ᠬᠢᠯᠢ ᠶᠢᠨ ᠪᠠᠶᠢᠭᠤᠯᠤᠮᠵᠢᠲᠤ ᠲᠣᠰᠬᠤᠨ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ | ᠦᠢᠯᠡᠴᠢᠯᠡᠬᠦ ᠰᠢᠦᠳᠠᠨ ᠤ ᠵᠦᠢᠯ ᠢ ᠪᠦᠬᠦᠨ ᠢ ︽ᠲᠦᠷᠭᠡᠨ ᠬᠦᠷᠭᠡᠯᠲᠡ ᠪᠠᠷ ᠲᠣᠰᠬᠤᠨ ᠳᠤ ᠨᠡᠪᠲᠡᠷᠡᠭᠦᠯᠬᠦ︾ ᠶᠢ ᠪᠡᠶᠡᠯᠡᠭᠦᠯᠪᠡ᠃ ︵ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ︶ | | | |