ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ | ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ | ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠪᠠ᠃ | ᠨᠣᠮ ᠤᠩᠰᠢᠬᠤ ᠠᠩᠭᠢ ᠲᠥᠪᠯᠡᠷᠡᠭᠦᠯᠦᠨ ᠰᠤᠷᠤᠯᠴᠠᠬᠤ᠂ ᠳᠠᠭᠠᠭᠤᠯᠤᠨ ᠰᠤᠷᠤᠯᠴᠠᠵᠤ ᠬᠠᠪᠰᠤᠷᠤᠨ ᠵᠢᠯᠣᠭᠤᠳᠬᠤ ᠪᠠ ᠤᠯᠤᠯᠳᠠ ᠲᠦᠷᠦᠭᠳᠡᠯ ᠢᠶᠠᠨ | ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠠᠢ᠃ ᠬᠤᠶᠠᠷ ᠡᠳᠦᠷ ᠤᠨ ᠬᠤᠭᠤᠴᠠᠭ᠎ᠠ ᠲᠠᠢ ᠲᠥᠪᠯᠡᠷᠡᠭᠦᠯᠦᠨ ᠰᠤᠷᠤᠯᠴᠠᠵᠤ | ᠰᠤᠳᠤᠯᠤᠨ ᠶᠠᠷᠢᠯᠴᠠᠵᠤ ᠤᠯᠤᠯᠳᠠ ᠲᠦᠷᠦᠭᠳᠡᠯ ᠢᠶᠠᠨ ᠰᠣᠯᠢᠯᠴᠠᠬᠤ ᠪᠠᠷ ᠳᠠᠮᠵᠢᠨ ᠪᠠᠶᠢᠭᠤᠯᠭ᠎ᠠ ᠶᠢᠨ ᠨᠠᠮ ᠤᠨ ᠭᠡᠰᠢᠭᠦᠨ᠂ ᠺᠠᠳ᠋ᠷᠴᠤᠳ ᠨᠡᠶᠢᠳᠡᠮ ᠳᠡᠭᠡᠨ ᠨᠢᠭᠡ | ᠤᠳᠠᠭᠠᠨ ᠤ ᠲᠥᠪ ᠴᠢᠩᠭ᠎ᠠ ᠨᠠᠮᠴᠢ ᠴᠢᠨᠠᠷ ᠤᠨ ᠬᠦᠮᠦᠵᠢᠯ ᠬᠦᠷᠳᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠴᠢᠩᠭᠠᠳᠬᠠᠪᠠ᠃ | ᠤᠯᠤᠯᠳᠠ ᠲᠦᠷᠦᠭᠳᠡᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠪᠠᠶᠢᠭᠤᠯᠭ᠎ᠠ ᠶᠢᠨ ᠭᠤᠤᠯ ᠤᠳᠤᠷᠢᠳᠤᠯᠭ᠎ᠠ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠳᠤ ᠤᠯᠠᠮ ᠨᠢᠭᠡ ᠠᠯᠬᠤᠮ ᠤᠨ ᠠᠵᠢᠯ ᠤᠨ ᠱᠠᠭᠠᠷᠳᠠᠯᠭ᠎ᠠ ᠳᠤᠷᠠᠳᠴᠤ᠂ ᠪᠠᠶᠢᠭᠤᠯᠭ᠎ᠠ ᠶᠢᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤᠯᠤᠰ ᠲᠥᠷᠥ ᠪᠠ ᠪᠥᠬᠦ ᠲᠠᠯ᠎ᠠ ᠶᠢᠨ ᠦᠨᠳᠦᠷᠴᠡ ᠠᠴᠠ ᠰᠤᠷᠤᠯᠴᠠᠯᠭ᠎ᠠ ᠬᠥᠮᠦᠵᠢᠯ ᠢ ᠵᠤᠬᠢᠶᠠᠨ | ᠪᠠᠶᠢᠭᠤᠯᠬᠤ ᠪᠠ ᠤᠷᠤᠯᠴᠠᠬᠤ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭ | ᠲᠤᠬᠠᠢ ᠳᠤᠨᠢ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠶ ᠲᠥᠯᠥᠪᠯᠡᠨ ᠵᠣᠬᠢᠶᠠᠨ ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠠ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠤᠯᠴᠠᠬᠤ ᠪᠠᠶᠢᠴᠠᠭᠠᠬᠤ ᠵᠠᠯᠠᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | |