ᠣᠳᠣᠬᠠᠨ ᠳᠤ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ ᠪᠠᠶᠢᠨ᠎ᠠ᠃ ᠰᠤᠷᠲᠠᠯ ᠢ ᠰᠠᠶᠢᠵᠢᠷᠠᠭᠤᠯᠬᠤ ᠨᠢ ᠡᠯ᠎ᠡ ᠲᠠᠯ᠎ᠠ ᠳᠤ ᠬᠤᠯᠪᠣᠭᠳᠠᠵᠤ | ᠪᠠᠶᠢᠳᠠᠭ᠂ ᠡᠭᠦᠨ ᠳᠤ ᠰᠠᠶᠢᠨ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠶᠠᠷᠢᠶᠠᠨ ᠤ ᠰᠤᠷᠲᠠᠯ ᠢ ᠪᠤᠶ ᠪᠣᠯᠭᠠᠬᠤ ᠪᠣᠯ ᠰᠤᠷᠲᠠᠯ ᠤᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠪᠠᠶᠢᠴᠠᠭᠠᠨ ᠦᠵᠡᠬᠦ ᠴᠢᠬᠤᠯᠠ ᠪᠠᠷᠢᠮᠵᠢᠶ᠎ᠠ ᠮᠥᠨ᠂ ᠨᠡᠩ ᠴᠤ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠶᠢᠨ ᠤᠳᠬ᠎ᠠ ᠠᠭᠤᠯᠭ᠎ᠠ ᠮᠥᠨ᠃ | ᠰᠤᠷᠲᠠᠯ ᠢ ᠰᠠᠶᠢᠵᠢᠷᠠᠭᠤᠯᠬᠤ ᠪᠠ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠶᠠᠷᠢᠶᠠᠨ ᠤ ᠰᠤᠷᠲᠠᠯ ᠢ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ | ᠬᠠᠷᠢᠯᠴᠠᠨ ᠠᠬᠢᠭᠤᠯᠬᠤ ᠬᠡᠷᠡᠭᠲᠡᠢ᠃ | ᠵᠣᠬᠢᠶᠠᠯ ᠢ ᠶᠠᠭᠠᠬᠢᠵᠤ ᠪᠢᠴᠢᠬᠦ᠂ ᠬᠤᠷᠠᠯ ᠢ ᠶᠠᠭᠠᠬᠢᠵᠤ ᠬᠢᠬᠦ᠂ ᠦᠭᠡ ᠶᠢ ᠶᠠᠭᠠᠬᠢᠵᠤ ᠬᠡᠯᠡᠬᠦ ᠨᠢ ᠴᠥᠮ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ | ᠪᠠᠶᠢᠳᠠᠯ ᠢ ᠰᠢᠭᠤᠳ ᠲᠤᠰᠬᠠᠵᠤ᠂ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠤ ᠰᠡᠳᠭᠢᠯ ᠳᠠᠬᠢ ᠲᠦᠷᠢ ᠲᠥᠷᠬᠦ ᠲᠠᠢ ᠰᠢᠭᠤᠳ ᠬᠤᠯᠪᠣᠭᠳᠠᠵᠤ ᠪᠠᠶᠢᠳᠠᠭ᠃ | ᠠᠯᠢ ᠡᠷᠲᠡ ᠲᠥᠪ ᠤᠨ ᠨᠠᠢᠮᠠᠨ ᠲᠣᠭᠲᠠᠭᠠᠯ ᠢ ᠨᠡᠶᠢᠲᠡᠯᠡᠭᠰᠡᠨ ᠡᠬᠢᠨ ᠤ ᠦᠶ᠎ᠡ ᠳᠤ᠂ ᠨᠠᠮ ᠤᠨ ᠲᠥᠪ ᠬᠤᠷᠢᠶ᠎ᠠ ᠠᠴᠠ ᠪᠢᠴᠢᠭ ᠮᠠᠲ᠋ᠧᠷᠢᠶᠠᠯ ᠢ ᠴᠣᠮᠬᠠᠳᠬᠠᠬᠤ | ᠬᠤᠷᠠᠯ ᠢ ᠳᠦᠭᠦᠮᠴᠢᠯᠡᠬᠦ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠤ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠤᠨ ᠵᠢᠱᠢᠶ᠎ᠡ ᠦᠵᠡᠭᠦᠯᠵᠦ | ᠂ ᠬᠡᠪ ᠳᠠᠭᠤᠷᠢᠶᠠᠯ ᠦᠵᠡᠭᠦᠯᠦᠭᠰᠡᠨ ᠶᠤᠮ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ᠂ ᠴᠠᠭ | ᠢᠮᠠᠭᠲᠠ ᠪᠠᠷᠢᠮᠵᠢᠶᠠᠯᠠᠨ ᠬᠠᠷᠭᠤᠭᠤᠯᠵᠤ᠂ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠶᠠᠷᠢᠶᠠᠨ ᠤ ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠤᠯᠠᠨ ᠲᠦᠮᠡᠨ ᠤ ᠨᠢᠳᠤᠨ ᠳᠤ ᠦᠵᠡᠭᠳᠡᠮ᠎ᠡ ᠬᠤᠪᠢᠷᠠᠯᠲᠠ ᠪᠠᠷ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠢᠯᠡᠷᠡᠭᠦᠯᠬᠦ | ᠬᠡᠷᠡᠭᠲᠡᠢ᠃ | ᠵᠣᠬᠢᠶᠠᠯ ᠤᠨ ᠰᠤᠷᠲᠠᠯ ᠳᠤ ᠶᠠᠭᠤ ᠶᠢ ᠦᠭᠡᠷᠡᠴᠢᠯᠡᠬᠦ ᠪᠤᠢ︖ ᠣᠶᠢᠯᠠᠭᠠᠭᠳᠠᠰᠢ ᠦᠭᠡᠢ ᠪᠦᠳᠡᠭᠢ ᠪᠠᠯᠠᠷᠬᠠᠢ ᠦᠭᠡ ᠬᠡᠯᠡᠯᠭᠡ ᠪᠠᠨ ᠥᠭᠡᠷᠡᠴᠢᠯᠡᠵᠦ᠂ ᠪᠣᠳᠠᠲᠠᠢ | ᠶᠠᠭᠤᠮ᠎ᠠ ᠦᠭᠡᠢ ᠠᠭᠤᠯᠭ᠎ᠠ ᠶᠢ ᠥᠭᠡᠷᠡᠴᠢᠯᠡᠵᠦ᠂ ᠬᠠᠯᠲᠤᠰᠭᠢᠪᠡᠯ ᠵᠤᠷᠢᠭᠤᠲᠠ ᠵᠠᠷᠢᠮ ᠬᠠᠮᠢᠶ᠎ᠠ ᠪᠦᠬᠦᠢ ᠵᠦᠢᠯ ᠢ ᠨᠡᠮᠡᠵᠦ ᠤᠷᠤᠭᠤᠯᠬᠤ ᠬᠡᠪ ᠨᠠᠮᠪᠠ ᠪᠠᠨ | ᠥᠭᠡᠷᠡᠴᠢᠯᠡᠵᠦ᠂ ᠤᠷᠲᠤ ᠬᠠᠭᠤᠳᠠᠰᠤ ᠣᠯᠠᠨᠲᠠᠢ ᠬᠡᠯᠪᠡᠷᠢ ᠶᠢ ᠥᠭᠡᠷᠡᠴᠢᠯᠡᠵᠦ᠂ ᠥᠨᠳᠥᠷ ᠳᠡᠭᠡᠷ᠎ᠡ ᠠᠴᠠ ᠥᠡᠭᠭᠡᠶᠢᠵᠦ ᠬᠠᠷᠠᠬᠤ ᠨᠣᠮᠯᠠᠯ ᠢᠶᠠᠨ ᠥᠭᠡᠷᠡᠴᠢᠯᠡᠬᠦ | ᠬᠡᠷᠡᠭᠲᠡᠢ᠃ ᠵᠣᠬᠢᠶᠠᠯ ᠢ ᠬᠠᠭᠠᠰ ᠬᠤᠭᠤᠰᠣᠨ ᠪᠢᠴᠢᠬᠦ ᠦᠭᠡᠢ᠂ ᠪᠢᠴᠢᠭ ᠮᠠᠲ᠋ᠧᠷᠢᠶᠠᠯ ᠳᠤ ᠵᠢᠭᠠᠬᠠᠨ ᠴᠤ ᠬᠡᠷᠡᠭ ᠦᠭᠡᠢ ᠠᠭᠤᠯᠭ᠎ᠠ ᠣᠷᠣᠭᠤᠯᠬᠤ ᠦᠭᠡᠢ᠂ ᠦᠭᠡ | ᠬᠡᠯᠡ ᠨᠢ ᠡᠶᠡᠯᠰᠡᠭ ᠪᠣᠷᠣᠭᠵᠢᠭᠤᠨ᠂ ᠠᠭᠤᠯᠭ᠎ᠠ ᠨᠢ ᠰᠢᠭᠤᠳ ᠰᠢᠯᠤᠭᠤᠨ ᠪᠠᠶᠢᠪᠠᠯ ᠺᠠᠳ᠋ᠷ ᠤᠯᠠᠨ ᠲᠦᠮᠡᠨ ᠰᠠᠶ᠋ᠢ ᠣᠶᠢᠯᠠᠭᠠᠵᠤ᠂ ᠲᠦᠬᠦᠭᠡᠷᠴᠦ ᠴᠢᠳᠠᠨ᠎ᠠ᠃ | ᠬᠤᠷᠠᠯ ᠤᠨ ᠰᠤᠷᠲᠠᠯ ᠳᠤ ᠶᠠᠭᠤ ᠶᠢ ᠦᠭᠡᠷᠡᠴᠢᠯᠡᠬᠦ ᠪᠤᠢ︖ ︽ᠮᠠᠷᠠᠰᠤᠨ ᠮᠠᠶ᠋ᠢᠭ︾ ᠤᠨ ᠬᠤᠷᠠᠯ ᠢ ᠥᠭᠡᠷᠡᠴᠢᠯᠡᠵᠦ᠂ ᠬᠤᠷᠠᠯ ᠬᠢᠬᠦ ᠳᠤ ︽ᠡᠭᠡᠯᠵᠢᠯᠡᠨ | ᠨᠤᠤᠷᠠᠭ ᠤᠩᠰᠢᠬᠤ︾ ᠶᠢ ᠥᠭᠡᠷᠡᠴᠢᠯᠡᠵᠦ᠂ ᠱᠠᠳᠤ ᠱᠠᠳᠤ ᠪᠠᠷ ᠪᠠᠷ᠎ᠠ ᠪᠣᠯᠬᠤ ᠬᠤᠷᠠᠯ ᠢ ᠥᠭᠡᠷᠡᠴᠢᠯᠡᠵᠦ᠂ ᠬᠤᠷᠠᠯ ᠬᠢᠬᠦ ᠶᠢᠨ ᠲᠥᠯᠥᠭᠡ ᠬᠤᠷᠠᠯ ᠬᠢᠬᠦ ᠶᠢ | ᠥᠭᠡᠷᠡᠴᠢᠯᠡᠵᠦ᠂ ᠬᠡᠯᠪᠡᠷᠢ ᠶᠢ ᠴᠢᠬᠤᠯᠠᠴᠢᠯᠠᠭᠠᠳ ᠠᠭᠤᠯᠭ᠎ᠠ ᠦᠭᠡᠢ ᠬᠤᠷᠠᠯ ᠢ ᠥᠭᠡᠷᠡᠴᠢᠯᠡᠬᠦ ᠬᠡᠷᠡᠭᠲᠡᠢ᠃ ᠴᠥᠭᠡᠨ ᠬᠤᠷᠠᠯ ᠬᠢᠵᠦ᠂ ᠣᠬᠤᠷ ᠬᠤᠷᠠᠯ ᠬᠢᠵᠦ᠂ | ᠬᠡᠷᠡᠭᠴᠡᠭᠡ ᠲᠠᠢ ᠬᠤᠷᠠᠯ ᠬᠢᠵᠦ᠂ ᠺᠠᠳ᠋ᠷᠴᠤᠳ ᠤᠨ ᠠᠵᠢᠯ ᠤᠨ ᠡᠷᠴᠢ ᠶᠢ ᠠᠷᠪᠢᠯᠠᠨ ᠭᠠᠷᠭᠠᠵᠤ ᠨᠢᠭᠡᠳᠦᠭᠡᠷ ᠹᠷᠣᠨᠲ ᠲᠤ ᠣᠴᠢᠭᠤᠯᠵᠤ᠂ ᠤᠯᠠᠨ ᠲᠦᠮᠡᠨ ᠤ ᠳᠤᠮᠳᠠ | ᠣᠴᠢᠭᠤᠯᠬᠤ ᠬᠡᠷᠡᠭᠲᠡᠢ᠃ | ᠶᠠᠷᠢᠶᠠᠨ ᠤ ᠰᠤᠷᠲᠠᠯ ᠳᠤ ᠶᠠᠭᠤ ᠶᠢ ᠦᠭᠡᠷᠡᠴᠢᠯᠡᠬᠦ ᠪᠣᠶ︖ ᠰᠢᠯᠲᠠᠭᠯᠠᠬᠤ ᠲᠦᠯᠬᠢᠯᠴᠡᠬᠦ ᠶᠢ ᠦᠭᠡᠷᠡᠴᠢᠯᠡᠵᠦ᠂ ᠯᠠᠷᠵᠢᠶ᠎ᠠ ᠲᠠᠳᠠᠬᠤ ᠶᠢ ᠦᠭᠡᠷᠡᠴᠢᠯᠡᠵᠦ᠂ | ᠪᠢᠯᠳᠠᠤᠴᠢᠯᠠᠨ ᠲᠤᠯᠳᠦ᠋ᠢᠳᠬᠤ ᠶᠢ ᠦᠭᠡᠷᠡᠴᠢᠯᠡᠵᠦ᠂ ᠨᠤᠷᠰᠢᠬᠤ ᠶᠢ ᠦᠭᠡᠷᠡᠴᠢᠯᠡᠨ᠎ᠡ᠃ ᠶᠠᠷᠢᠶᠠᠨ ᠤ ᠬᠡᠯᠡ ᠪᠠᠷ ᠢᠯᠡᠭᠦᠬᠡᠨ ᠶᠠᠷᠢᠵᠤ᠂ ᠦᠨᠡᠨ ᠰᠡᠳᠭᠢᠯ ᠤᠨ | ᠦᠭᠡ ᠪᠠᠨ ᠵᠣᠷᠢᠭᠲᠠᠶ ᠶᠠᠷᠢᠵᠤ᠂ ︽ᠵᠥᠪ ᠴᠠᠯᠴᠢᠶ᠎ᠠ᠂ ᠭᠤᠶᠣ ᠬᠤᠭᠤᠰᠣᠨ ᠦᠭᠡ᠂ ᠴᠢᠩᠭ᠎ᠠ ᠵᠤᠷᠰᠢᠯ ᠤᠨ ᠦᠭᠡ︾ ᠶᠢ ᠡᠷᠡᠰ ᠲᠠᠶᠠᠭᠳᠠᠬᠤ ᠬᠡᠷᠡᠭᠲᠡᠶ᠃ | ᠵᠣᠬᠢᠶᠠᠯ ᠤᠨ ᠰᠤᠷᠲᠠᠯ᠂ ᠬᠤᠷᠠᠯ ᠤᠨ ᠰᠤᠷᠲᠠᠯ᠂ ᠶᠠᠷᠢᠶᠠᠨ ᠤ ᠰᠤᠷᠲᠠᠯ ᠳᠠᠬᠢ ᠵᠠᠷᠢᠮ ᠮᠠᠭᠤ ᠵᠠᠩ ᠰᠤᠷᠲᠠᠯ ᠨᠢ ᠰᠤᠷᠲᠠᠯ ᠤᠨ ᠦᠨᠳᠦᠰᠦ ᠨᠢ ᠴᠢᠩᠭ᠎ᠠ ᠪᠢᠰᠢ᠂ | ᠪᠣᠳᠠᠲᠠᠶ ᠪᠢᠰᠢ ᠳᠤ ᠪᠠᠶᠢᠨ᠎ᠠ᠃ ᠨᠢᠭᠡᠳᠦᠭᠡᠷ ᠹᠷᠣᠨᠲ ᠲᠤ ᠦᠨᠡᠨ ᠬᠦ ᠭᠦᠨᠵᠡᠭᠡᠶᠢᠷᠡᠨ ᠠᠷᠠᠳ ᠤᠨ ᠪᠠᠶᠢᠳᠠᠯ ᠢ ᠣᠶᠢᠯᠠᠭᠠᠬᠤ ᠦᠭᠡᠢ ᠪᠣᠯ ᠦᠵᠡᠯ ᠰᠠᠨᠠᠭ᠎ᠠ ᠲᠠᠢ | ᠬᠠᠯᠠᠭᠤᠨ ᠳᠤᠯᠠᠭᠠᠨ ᠰᠠᠶᠢᠨ ᠵᠣᠬᠢᠶᠠᠯ ᠪᠢᠴᠢᠵᠦ ᠴᠢᠳᠠᠬᠤ ᠦᠭᠡᠢ ᠶᠤᠮ︔ ᠠᠰᠠᠭᠤᠳᠠᠯ ᠳᠤ ᠴᠢᠭᠯᠡᠭᠦᠯᠦᠨ ᠨᠠᠷᠢᠨ ᠬᠢᠨᠠᠮᠠᠭᠠᠶ ᠠᠵᠢᠯᠯᠠᠬᠤ ᠦᠭᠡᠶ ᠪᠣᠯ ︽ | ᠬᠤᠷᠠᠯ ᠢᠶᠠᠷ ᠬᠤᠷᠠᠯ ᠢ ᠲᠤᠭᠤᠰᠢᠯᠠᠭᠤᠯᠬᠤ︾ ᠬᠠᠴᠢᠨ ᠲᠣᠭᠤᠷᠢᠭ ᠲᠤ ᠠᠮᠠᠷᠬᠠᠨ ᠣᠷᠣᠬᠤ ᠪᠣᠯᠤᠨ᠎ᠠ︔ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ | ᠰᠡᠳᠭᠢᠯ ᠤᠨ ᠦᠭᠡ ᠪᠠᠨ ᠬᠡᠯᠡᠬᠦ ᠦᠭᠡᠢ ᠪᠣᠯ ᠠᠷᠠᠳ ᠤᠯᠠᠨ ᠤ ᠰᠡᠳᠭᠢᠯ ᠳᠤ ᠬᠦᠷᠬᠦ ᠦᠭᠡ ᠶᠢ ᠬᠡᠯᠡᠵᠦ ᠴᠢᠳᠠᠬᠤ ᠦᠭᠡᠢ ᠶᠤᠮ᠃ ᠵᠣᠬᠢᠶᠠᠯ ᠤᠨ ᠰᠤᠷᠲᠠᠯ | ᠬᠤᠷᠠᠯ ᠤᠨ ᠰᠤᠷᠲᠠᠯ ᠶᠠᠷᠢᠶᠠᠨ ᠤ ᠰᠤᠷᠲᠠᠯ ᠢ ᠥᠭᠡᠷᠡᠴᠢᠯᠡᠬᠦ ᠭᠡᠳᠡᠭ ᠨᠢ ᠦᠨᠡᠨ ᠳᠡᠭᠡᠨ ᠰᠤᠷᠲᠠᠯ ᠢ ᠰᠠᠶᠢᠵᠢᠷᠠᠭᠤᠯᠵᠤ᠂ ᠬᠡᠢ ᠬᠤᠭᠤᠰᠣᠨ ᠭᠠᠪᠢᠶ᠎ᠠ ᠶᠢ ᠴᠡᠭᠡᠷᠯᠡᠬᠦ | ᠶᠠᠪᠤᠳᠠᠯ ᠮᠥᠨ᠃ | ᠰᠤᠷᠲᠠᠯ ᠪᠣᠯ ᠳᠠᠷᠤᠶ ᠳᠦᠷᠢ ᠲᠥᠷᠬᠦ ᠮᠥᠨ᠂ ᠰᠤᠷᠲᠠᠯ ᠪᠣᠯ ᠳᠠᠷᠤᠶ ᠬᠦᠴᠦᠨ ᠴᠢᠳᠠᠯ ᠮᠥᠨ᠃ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ | ᠂ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭᠠᠨ ᠤ ᠡᠬᠢ ᠡᠭᠦᠰᠦᠯ ᠠᠴᠠ ᠠᠳᠬᠤᠵᠤ᠂ ᠪᠠᠲᠤ ᠴᠢᠩᠭ᠎ᠠ ᠰᠤᠷᠲᠠᠯ ᠢ ᠪᠤᠢ ᠪᠣᠯᠭᠠᠵᠤ᠂ ᠪᠣᠳᠠᠲᠠᠢ ᠠᠵᠢᠯᠯᠠᠬᠤ ᠶᠢ | ᠡᠷᠬᠢᠮᠯᠡᠵᠦ᠂ ᠪᠣᠳᠠᠲᠠᠢ ᠠᠮᠵᠢᠯᠲᠠ ᠶᠢ ᠡᠷᠢᠯᠬᠢᠯᠡᠪᠠᠯ᠂ ︽ᠣᠬᠤᠷ ᠪᠣᠳᠠᠲᠠᠢ ᠰᠢᠨ᠎ᠡ︾ ᠵᠣᠬᠢᠶᠠᠯ ᠤᠨ ᠰᠤᠷᠲᠠᠯ᠂ ︽ᠪᠣᠳᠠᠲᠠᠢ ᠠᠵᠢᠯ ᠬᠢᠬᠦ︾ ᠬᠤᠷᠠᠯ ᠤᠨ ᠰᠤᠷᠲᠠᠯ᠂ | ︽ᠤᠯᠠᠨ ᠲᠦᠮᠡᠨ ᠲᠠᠢ ᠤᠢᠢᠷᠠᠳᠤᠭᠰᠠᠨ︾ ᠶᠠᠷᠢᠶᠠᠨ ᠤ ᠰᠤᠷᠲᠠᠯ ᠠᠶᠠᠨᠳᠠᠭᠠᠨ ᠬᠡᠪ ᠵᠠᠩᠰᠢᠯ ᠪᠤᠯᠬᠤ ᠪᠣᠯᠤᠨ᠎ᠠ᠃ | | | |