ᠨᠢᠭᠡᠳᠦᠭᠡᠷ ᠤᠯᠠᠷᠢᠯ ᠳᠤ ᠪᠥᠬᠦ ᠣᠷᠣᠨ ᠤ ᠮᠡᠷᠭᠡᠵᠢᠯ ᠤᠨ ᠭᠡᠷ᠎ᠡ ᠶᠢᠨ ᠳᠠᠩᠰᠠᠯᠠᠯᠲᠠ ︽ᠰᠠᠶᠢᠨ ᠡᠬᠢᠯᠡᠯᠲᠡ︾ ᠶᠢ ᠪᠡᠶᠡᠯᠡᠭᠦᠯᠪᠡ᠃ ᠨᠢᠭᠡᠳᠦᠭᠡᠷ ᠤᠯᠠᠷᠢᠯ ᠳᠤ᠂ | ᠪᠥᠬᠦ ᠣᠷᠣᠨ ᠳᠤ ᠡᠯ᠎ᠡ ᠲᠥᠷᠥᠯ ᠤᠨ ᠮᠡᠷᠭᠡᠵᠢᠯ ᠤᠨ ᠭᠡᠷ᠎ᠡ ᠶᠢ ᠨᠡᠶᠢᠲᠡ 675 ᠵᠦᠢᠯ ᠬᠢᠨᠠᠨ ᠲᠣᠭᠲᠠᠭᠠᠨ ᠳᠡᠩᠰᠡᠯᠡᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠭᠰᠠᠨ | ᠲᠤᠭ᠎ᠠ 11.67 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 113.61% ᠪᠠ 110.16% ᠪᠠᠷ ᠨᠡᠮᠡᠭᠳᠡᠪᠡ | ᠃ ᠳᠠᠩᠰᠠᠯᠠᠭᠤᠯᠤᠭᠰᠠᠨ ᠬᠤᠲᠠ ᠠᠴᠠ ᠠᠪᠴᠤ ᠦᠵᠡᠪᠡᠯ᠂ ᠮᠡᠷᠭᠡᠵᠢᠯ ᠤᠨ ᠠᠷᠠᠯᠵᠢᠶ᠎ᠠ ᠨᠡᠯᠢᠶᠡᠳ ᠬᠥᠭᠵᠢᠶᠡᠨᠲᠡᠶ ᠪᠠᠶᠢᠭ᠎ᠠ ᠭᠠᠵᠠᠷ ᠣᠷᠣᠨ ᠪᠣᠯ ᠬᠥᠬᠡᠬᠤᠲᠠ᠂ | ᠪᠤᠭᠤᠲᠤ ᠪᠠ ᠣᠷᠳᠣᠰ ᠪᠠᠶᠢᠵᠤ᠂ ᠭᠤᠷᠪᠠᠨ ᠭᠠᠵᠠᠷ ᠤᠨ ᠨᠡᠶᠢᠲᠡ ᠳᠠᠩᠰᠠᠯᠠᠭᠰᠠᠨ ᠲᠤᠭ᠎ᠠ᠂ ᠵᠣᠭᠤᠰ ᠤᠨ ᠲᠤᠭ᠎ᠠ ᠨᠢ ᠲᠤᠰ ᠲᠤᠰ ᠪᠦᠬᠦ ᠣᠷᠣᠨ ᠤ ᠳᠠᠩᠰᠠᠯᠠᠭᠰᠠᠨ | ᠶᠡᠷᠦᠩᠬᠡᠢ ᠲᠣᠭᠠᠨ ᠤ 64.59% ᠪᠠ 63.92% ᠢ ᠡᠵᠡᠯᠡᠵᠦ ᠪᠤᠶ᠃ ᠭᠡᠷ᠎ᠡ ᠶᠢᠨ ᠲᠥᠷᠥᠯ ᠠᠴᠠ ᠠᠪᠴᠤ ᠦᠵᠡᠪᠡᠯ᠂ ᠮᠡᠷᠭᠡᠵᠢᠯ ᠤᠨ ᠨᠡᠭᠡᠭᠡᠯᠲᠡ ᠪᠠ | ᠮᠡᠷᠭᠡᠵᠢᠯ ᠤᠨ ᠦᠢᠯᠡᠴᠢᠯᠡᠭᠡ ᠪᠠᠷ ᠭᠤᠣᠯ ᠪᠣᠯᠭᠠᠵᠤ᠂ ᠶᠡᠷᠦᠩᠬᠡᠢ ᠲᠣᠭᠠᠨ ᠤ 87.54% ᠶᠢ ᠡᠵᠡᠯᠡᠪᠡ᠃ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ ᠳᠤ | ᠬᠠᠷᠢᠶᠠᠯᠠᠭᠳᠠᠬᠤ ᠮᠡᠷᠭᠡᠵᠢᠯ ᠤᠨ ᠬᠦᠷᠢᠶ᠎ᠡ ᠳᠤ ᠭᠤᠤᠯᠳᠠᠭᠤ ᠡᠯᠧᠺᠲᠷᠣᠨ ᠮᠡᠳᠡᠭᠡ ᠵᠠᠩᠭᠢ ᠶᠢᠨ᠂ ᠲᠠᠷᠢᠶᠠᠯᠠᠩ ᠤᠨ ᠬᠦᠷᠢᠶ᠎ᠡ ᠪᠠ ᠣᠷᠴᠢᠨ ᠲᠣᠭᠤᠷᠢᠨ ᠤ | ᠬᠠᠮᠠᠭᠠᠯᠠᠯᠲᠠ ᠬᠢᠭᠡᠳ ᠡᠬᠢ ᠪᠠᠶᠠᠯᠢᠭ ᠤᠨ ᠠᠰᠢᠭᠯᠠᠯᠲᠠ ᠶᠢᠨ ᠬᠦᠷᠢᠶᠡᠨ ᠳᠤ ᠲᠥᠪᠯᠡᠷᠡᠵᠦ᠂ ᠭᠤᠷᠪᠠᠨ ᠶᠡᠭᠡ ᠬᠦᠷᠢᠶᠡᠨ ᠤ ᠭᠡᠷ᠎ᠡ ᠶᠢᠨ ᠲᠤᠭ᠎ᠠ ᠨᠢ ᠪᠦᠬᠦ ᠣᠷᠣᠨ ᠤ | 57.48% ᠶᠢ ᠡᠵᠡᠯᠡᠪᠡ᠃ ᠳᠠᠩᠰᠠᠯᠠᠭᠤᠯᠤᠭᠰᠠᠨ ᠭᠤᠣᠯ ᠴᠣᠭᠴᠠ ᠠᠴᠠ ᠠᠪᠴᠤ ᠦᠵᠡᠪᠡᠯ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠲᠤᠭ᠎ᠠ ᠬᠢᠭᠡᠳ | ᠵᠣᠭᠤᠰ ᠤᠨ ᠲᠤᠭ᠎ᠠ ᠨᠢ ᠲᠤᠰ ᠲᠤᠰ ᠪᠦᠬᠦ ᠣᠷᠣᠨ ᠤ 54.07% ᠪᠠ 58.53% ᠶᠢ ᠡᠵᠡᠯᠡᠵᠦ︔ ᠶᠡᠭᠡ ᠳᠡᠭᠡᠳᠦ ᠰᠤᠷᠭᠠᠭᠤᠯᠢ ᠨᠤᠭᠤᠳ ᠤᠨ | ᠳᠠᠩᠰᠠᠯᠠᠭᠤᠯᠤᠭᠰᠠᠨ ᠲᠤᠭ᠎ᠠ ᠬᠢᠭᠡᠳ ᠵᠣᠭᠤᠰ ᠤᠨ ᠲᠤᠭ᠎ᠠ ᠨᠢ ᠴᠥᠮ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠭᠠᠷᠭᠠᠬᠤ ᠪᠠ ᠤᠯᠠᠷᠢᠭᠤᠯᠬᠤ ᠶᠢᠨ ᠲᠠᠯ᠎ᠠ ᠪᠠᠷ ᠬᠢ ᠨᠡᠮᠡᠭᠳᠡᠯ ᠤᠨ ᠬᠠᠨᠳᠤᠰᠢ ᠬᠦᠴᠦᠲᠡᠢ ᠪᠠᠶᠢᠨ᠎ᠠ᠃ ︵ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ︶ | | | |