3 ᠰᠠᠷ᠎ᠠ ᠶᠢᠨ 31 ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠸᠠᠩ ᠯᠢ ᠰᠢᠶᠠ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠢ ᠰᠢᠭᠤᠢ ᠨᠤᠲᠤᠭ | ᠪᠡᠯᠴᠢᠭᠡᠷ ᠢ ᠡᠪᠳᠡᠨ ᠰᠦᠢᠳᠭᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠵᠡᠷᠭᠡ ᠶᠢᠨ ᠲᠤᠬᠠᠢ ᠬᠢᠩᠭᠠᠨ ᠠᠶᠢᠮᠠᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠪᠡ᠃ | ᠨᠢᠰᠭᠡᠯ ᠠᠴᠠ ᠪᠠᠭᠤᠮᠠᠭᠴᠠ᠂ ᠸᠠᠩ ᠯᠢ ᠰᠢᠶᠠ ᠶᠢᠨ ᠹᠧᠩ ᠪᠤᠬᠢᠷᠳᠤᠯ ᠦᠭᠡᠢ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠲᠤᠮᠳᠠᠳᠤ | ᠤᠯᠤᠰ ᠤᠨ ᠭᠤᠸᠠᠩ ᠾᠧ ᠪᠦᠯᠦᠭᠯᠡᠯ ᠤᠨ ᠬᠢᠩᠭᠠᠨ ᠠᠶᠢᠮᠠᠭ ᠤᠨ ᠠᠵᠢᠯᠯᠠᠭᠤᠯᠵᠤ ᠬᠠᠮᠠᠭᠠᠯᠠᠬᠤ ᠰᠠᠭᠤᠷᠢᠨ ᠳᠤ ᠬᠦᠷᠴᠦ᠂ ᠠᠮᠢᠳᠤ ᠪᠣᠳᠠᠰ ᠤᠨ ᠮᠠᠰ ᠢ | ᠬᠡᠶᠢᠵᠢᠭᠦᠯᠬᠦ ᠡᠪᠴᠡᠯᠳᠦᠭᠦᠯᠦᠭᠰᠡᠨ ᠪᠤᠬᠢᠷᠳᠤᠯ ᠦᠭᠡᠢ ᠠᠯᠺᠣᠣᠯ ᠪᠣᠯᠤᠨ ᠰᠢᠨ᠎ᠡ ᠡᠨᠧᠷᠭᠢ ᠶᠢᠨ ᠣᠶᠤᠨᠴᠢ ᠠᠵᠢᠯᠯᠠᠭᠤᠯᠵᠤ ᠬᠠᠮᠠᠭᠠᠯᠠᠬᠤ ᠲᠦᠷᠦᠯ ᠵᠦᠢᠯ ᠢ | ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠬᠢᠨ ᠳᠤ ᠪᠤᠬᠢᠷᠳᠤᠯ ᠦᠭᠡᠢ ᠴᠠᠬᠢᠯᠭᠠᠨ ᠢ ᠪᠤᠬᠢᠷᠳᠤᠯ ᠦᠭᠡᠢ ᠡᠨᠧᠷᠭᠢ ᠪᠣᠯᠭᠠᠨ ᠬᠤᠪᠢᠷᠠᠭᠤᠯᠬᠤ ᠪᠠᠷ | ᠰᠢᠪᠲᠤᠯᠤᠯᠲᠠ ᠪᠣᠯᠭᠠᠵᠤ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷᠲᠦ ᠠᠯᠺᠣᠣᠯ ᠤᠨ ᠠᠵᠤ ᠦᠢᠯᠡᠰ ᠤᠨ | ᠬᠥᠭᠵᠢᠯᠲᠡ ᠶᠢ ᠤᠬᠠᠭᠠᠯᠠᠨ ᠲᠦᠯᠦᠪᠯᠡᠬᠦ ᠬᠡᠷᠡᠭᠲᠡᠢ᠃ ᠠᠶᠢᠮᠠᠭ ᠬᠤᠳᠠ ᠶᠢᠨ ᠬᠤᠭᠤᠷᠣᠨᠳᠣᠬᠢ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠵᠤ᠂ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠡᠷᠳᠡᠨᠢ ᠰᠢᠰᠢ ᠶᠢᠨ ᠡᠰᠢ ᠰᠦᠷᠡᠯ ᠵᠡᠷᠭᠡ ᠠᠮᠢᠳᠤ ᠪᠣᠳᠠᠰ ᠤᠨ ᠡᠰ ᠤᠨ ᠲᠦᠭᠦᠬᠡᠢ ᠮᠠᠲ᠋ᠧᠷᠢᠶᠠᠯ ᠤᠨ ᠲᠣᠭᠲᠠᠭᠤᠨ | ᠬᠠᠩᠭᠠᠯᠭ᠎ᠠ ᠶᠢ ᠪᠠᠲᠤᠯᠠᠵᠤ᠂ ᠠᠵᠤ ᠠᠬᠤᠶᠢᠯᠠᠯ ᠪᠣᠯᠤᠨ ᠮᠠᠯᠴᠢᠨ ᠲᠠᠷᠢᠶᠠᠴᠢᠨ ᠳᠤ ᠬᠤᠣᠰ ᠠᠰᠢᠭ ᠬᠦᠷᠲᠡᠭᠡᠬᠦ ᠬᠡᠷᠡᠭᠲᠡᠢ᠃ ︽ᠵᠢᠷᠭᠤᠭᠠᠨ ᠠᠵᠢᠯᠯᠠᠭ᠎ᠠ︾ ᠶᠢ | ᠮᠦᠷᠳᠡᠨ ᠵᠣᠬᠢᠴᠠᠭᠤᠯᠵᠤ ᠠᠬᠢᠭᠤᠯᠤᠨ᠂ ︽ᠠᠷᠪᠠᠨ ᠶᠡᠭᠡ ᠠᠵᠤ ᠦᠢᠯᠡᠰ ᠤᠨ ᠪᠦᠯᠦᠭᠵᠢᠯ︾ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠣᠭᠤᠷᠢᠨ ᠳᠤ | ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠴᠢᠬᠤᠯᠠ ᠶᠡᠭᠡ ᠲᠦᠷᠦᠯ ᠵᠦᠢᠯ ᠪᠣᠯᠤᠨ ᠪᠡᠯᠡ ᠣᠷᠣᠭᠤᠯᠤᠯᠲᠠ ᠶᠢ ᠪᠦᠬᠦ | ᠬᠦᠴᠦ ᠪᠠᠷ ᠢᠶᠠᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠵᠤ ᠠᠬᠤᠢ ᠶᠢᠨ ︽ᠪᠦᠬᠦ | ᠤᠯᠠᠷᠢᠯ ᠢᠶᠠᠷ ᠢᠶᠠᠨ ᠠᠮᠵᠢᠯᠲᠠ ᠲᠠᠢ︾᠂ ︽ᠪᠦᠬᠦ ᠵᠢᠯ ᠢᠶᠠᠷ ᠢᠶᠠᠨ ᠠᠮᠵᠢᠯᠲᠠ ᠲᠠᠢ︾ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠵᠠᠬᠢᠪᠠ᠃ | ᠸᠠᠩ ᠯᠢ ᠰᠢᠶᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳᠴᠢᠯᠠᠨ ᠮᠡᠳᠡᠭᠳᠡᠭᠰᠡᠨ ᠦᠭᠡᠢ ᠪᠠᠷ ᠲᠦᠮᠡᠯᠵᠢ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠭᠤᠣᠯ ᠭᠠᠵᠠᠷ ᠢᠶᠠᠷ ᠰᠢᠭᠤᠳ ᠬᠦᠷᠴᠦ ᠨᠢᠭᠤᠴᠠ ᠪᠠᠷ ᠪᠠᠶᠢᠴᠠᠭᠠᠨ ᠰᠤᠷᠪᠤᠯᠵᠢᠯᠠᠵᠤ᠂ ᠲᠦᠷᠢᠮ ᠠᠴᠠ ᠵᠥᠷᠢᠴᠡᠨ ᠪᠠᠶᠢᠭᠤᠯᠤᠭᠰᠠᠨ ᠦᠬᠡᠷ ᠤᠨ | ᠰᠠᠷᠠᠪᠴᠢ ᠪᠠ ᠥᠩᠭᠡᠷᠡᠭᠰᠡᠨ ᠳᠤ ᠡᠪᠡᠰᠦᠨ ᠡᠮ ᠲᠠᠷᠢᠬᠰᠠᠨ ᠤᠯᠠ ᠮᠥᠷ ᠢ ᠣᠯᠵᠤ ᠬᠠᠷᠠᠪᠠ᠂ ᠲᠡᠷᠡ ᠲᠤᠬᠠᠢ ᠶᠢᠨ ᠭᠠᠵᠠᠷ ᠤᠨ ᠬᠢᠨ ᠢ ᠶᠡᠷᠦᠩᠬᠡᠢ ᠱᠦᠵᠢ ᠰᠢ ᠶᠢᠨ | ᠫᠢᠩ ᠤᠨ ᠬᠥᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠤᠲᠤᠭ ᠪᠡᠯᠴᠢᠭᠡᠷ ᠢ ᠬᠠᠮᠠᠭᠠᠯᠠᠬᠤ ᠶᠢ ᠤᠯᠤᠰ ᠲᠦᠷᠦ ᠶᠢᠨ ᠡᠭᠦᠷᠭᠡ ᠪᠣᠯᠭᠠᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠩᠰᠠ ᠡᠪᠬᠡᠮᠡᠯ ᠤᠨ ᠳᠣᠲᠣᠷᠠᠬᠢ ᠠᠰᠠᠭᠤᠳᠠᠯ ᠢ ︽ᠡᠷᠬᠢᠨ ᠬᠠᠷᠠᠵᠤ︾᠂ | ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠮᠦᠷᠲᠡᠭᠡᠨ ᠪᠠᠰᠠ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ ᠪᠦᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠶᠠᠮᠠᠷᠪᠠ ᠬᠡᠯᠪᠡᠷᠢ ᠶᠢᠨ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠡᠭᠦᠰᠭᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ | ᠱᠠᠭᠠᠷᠳᠠᠪᠠ᠃ | ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠭᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠪᠣᠯ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ | ᠭᠤᠣᠯᠳᠠᠯᠭ᠎ᠠ ᠶᠢᠨ ᠨᠢᠭᠡ ᠪᠣᠯᠤᠨ᠎ᠠ᠃ ᠸᠠᠩ ᠯᠢ ᠰᠢᠶᠠ ᠵᠠᠮ ᠳᠠᠭᠠᠤ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠦᠨᠳᠦᠷᠴᠡ ᠠᠴᠠ ᠪᠦᠬᠦ ᠣᠷᠣᠨ ᠤ ᠲᠠᠶᠢᠴᠢᠯᠠᠯᠳᠠ ᠶᠢᠨ ᠬᠤᠷᠠᠯ ᠤᠨ ᠡᠯ᠎ᠡ | ᠵᠦᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠷᠭᠡᠨ᠂ ᠴᠢᠩᠭ᠎ᠠ᠂ ᠨᠠᠷᠢᠨ ᠱᠠᠭᠠᠷᠳᠠᠯᠭ᠎ᠠ ᠶᠣᠰᠣᠭᠠᠷ᠂ ᠲᠦᠷᠢᠮ ᠲᠣᠭᠲᠠᠭᠠᠯ ᠠᠴᠠ | ᠵᠥᠷᠢᠴᠡᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠤᠬᠤᠶᠢᠮᠠᠭᠴᠠ ᠴᠤᠬᠢᠯᠲᠠ ᠦᠭᠴᠦ᠂ ᠤᠯᠠᠨ ᠲᠦᠮᠡᠨ ᠢ ᠬᠦᠳᠦᠯᠥᠨ ᠳᠠᠭᠠᠭᠤᠯᠵᠤ | ᠬᠢᠯᠪᠠᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠵᠠᠮ ᠵᠠᠭᠤᠷ᠎ᠠ ᠪᠠᠨ ᠲᠡᠷᠡ ᠪᠠᠰᠠ ᠠᠮᠢ ᠠᠬᠤᠢ ᠶᠢᠨ ᠬᠠᠮᠠᠭᠠᠯᠠᠯᠲᠠ ᠶᠢ ᠠᠳᠬᠤᠬᠤ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠡᠨᠡ ᠬᠦ | ᠦᠨᠳᠦᠰᠦᠨ ᠵᠦᠢᠯ ᠠᠴᠠ ᠡᠬᠢᠯᠡᠨ ᠠᠳᠬᠤᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠴᠡᠪᠡᠷ ᠲᠡᠭᠰᠢ ᠣᠷᠣᠰᠢᠨ ᠰᠠᠭᠤᠬᠤ | ᠣᠷᠴᠢᠨ ᠨᠦᠬᠦᠴᠡᠯ ᠢ ᠪᠤᠢ ᠪᠣᠯᠭᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ | ᠬᠠᠪᠤᠷ ᠤᠨ ᠲᠠᠷᠢᠶᠠᠯᠠᠭ᠎ᠠ ᠤᠳᠠᠯ ᠥᠬᠡᠶ ᠪᠣᠯᠬᠤ ᠭᠡᠵᠦ ᠪᠠᠶᠢᠭ᠎ᠠ ᠲᠠᠰᠢᠷᠠᠮ ᠢᠶᠠᠷ᠂ ᠸᠠᠩ ᠯᠢ ᠰᠢᠶᠠ ᠵᠠᠯᠠᠶᠢᠳ ᠬᠤᠰᠢᠭᠤᠨ ᠤ ᠰᠢᠩ ᠬᠤᠸᠠ ᠭᠠᠴᠠᠭᠠᠨ ᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠲᠤ ᠬᠦᠷᠴᠦ᠂ ᠲᠤᠬᠠᠶ ᠶᠢᠨ ᠭᠠᠵᠠᠷ ᠤᠨ ᠬᠢᠨ ᠢ ᠪᠥᠬᠦ ᠣᠷᠣᠨ ᠪᠦᠰᠡ ᠪᠠᠷ | ᠠᠬᠢᠭᠤᠯᠬᠤ ᠠᠵᠠ ᠲᠣᠬᠢᠶᠠᠯ ᠢ ᠡᠵᠡᠮᠳᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨᠴᠢ ᠪᠠᠷ | ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠭᠦᠢᠯᠭᠡᠭᠡᠵᠦ᠂ ᠵᠣᠬᠢᠬᠤ ᠬᠡᠮᠵᠢᠶ᠎ᠡ ᠪᠠᠷ ᠬᠡᠪᠴᠢᠶᠡᠵᠢᠭᠦᠯᠦᠨ ᠡᠵᠡᠩᠨᠡᠵᠦ᠂ ᠭᠠᠵᠠᠷ ᠤᠨ ᠬᠦᠴᠦᠨ ᠢ ᠨᠡᠮᠡᠭᠳᠡᠭᠦᠯᠬᠦ ᠪᠠ | ᠭᠠᠵᠠᠷ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠤᠶᠠᠯᠳᠤᠭᠤᠯᠵᠤ᠂ ᠲᠠᠷᠢᠶᠠᠴᠢᠨ ᠡᠷᠦᠬᠡ ᠶᠢᠨ ᠬᠤᠭᠤᠷᠣᠨᠳᠣᠬᠢ ᠬᠠᠮᠲᠤᠷᠠᠯᠴᠠᠭ᠎ᠠ᠂ ᠨᠡᠶᠢᠭᠡᠮᠴᠢᠯᠡᠭᠰᠡᠨ | ᠦᠢᠯᠡᠴᠢᠯᠡᠭᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠥᠪᠡᠷ ᠤᠨ ᠥᠷᠲᠡᠭ ᠢ ᠪᠠᠭᠤᠷᠠᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ | ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠵᠠᠬᠢᠪᠠ᠃ | ᠵᠠᠯᠠᠶᠢᠳ ᠬᠤᠰᠢᠭᠤ ᠪᠣᠯ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ ᠶᠢᠨ ᠴᠡᠭ ᠤᠨ ᠭᠠᠵᠠᠷ ᠣᠷᠣᠨ | ᠪᠣᠯᠤᠨ᠎ᠠ᠂ ᠸᠠᠩ ᠯᠢ ᠰᠢᠶᠠ ᠲᠤᠰᠬᠠᠶᠢᠯᠠᠨ ᠪᠠᠶᠠᠨᠵᠢᠷᠦᠬᠡ ᠲᠣᠰᠬᠤᠨ ᠳᠤ ᠬᠦᠷᠴᠦ᠂ ᠲᠣᠰᠬᠤᠨ ᠤ ᠠᠷᠠᠳ ᠲᠠᠢ ᠬᠠᠮᠲᠤ ᠰᠠᠭᠤᠵᠤ᠂ ᠳᠠᠭᠠᠭᠤᠯᠢ ᠤᠳᠤᠨ ᠤ ᠠᠯᠤᠰ | ᠰᠡᠷᠡᠯ ᠤᠨ ᠵᠢᠷᠤᠭ ᠳᠦᠷᠰᠦ ᠲᠠᠢ ᠬᠠᠷᠭᠤᠭᠤᠯᠵᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠪᠠ᠃ ᠲᠡᠷᠡ᠂ ᠭᠠᠵᠠᠷ ᠰᠢᠷᠣᠢ ᠶᠢᠨ ᠬᠤᠶᠠᠳᠤᠭᠠᠷ | ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠡᠯ᠎ᠡ ᠱᠠᠲᠤᠨ ᠤ ᠬᠢᠨ ᠨᠠᠮ ᠤᠨ | ᠲᠥᠪ ᠬᠤᠷᠢᠶ᠎ᠠ ᠶᠢᠨ ᠲᠦᠷᠦ ᠶᠢᠨ ᠪᠤᠳᠤᠯᠭ᠎ᠠ ᠶᠢ ᠪᠣᠳᠠᠲᠠᠢ ᠣᠶᠢᠯᠠᠭᠠᠵᠤ᠂ ᠪᠣᠳᠠᠲᠠᠢ ᠤᠬᠠᠭᠤᠯᠵᠤ᠂ ᠲᠡᠦᠬᠡ ᠶᠢᠨ ᠪᠠ ᠪᠣᠳᠠᠲᠠᠢ ᠠᠰᠠᠭᠤᠳᠠᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠡᠷᠬᠡ ᠲᠡᠭᠰᠢ ᠲᠥᠪ ᠭᠤᠣᠯᠴᠢ᠂ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ ᠠᠵᠢᠯ ᠢᠶᠠᠨ ᠠᠬᠢᠭᠤᠯᠬᠤ | ᠬᠡᠷᠡᠭᠲᠡᠢ ᠭᠡᠪᠡ᠃ | |