3 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠤᠯᠪᠣᠭᠠᠯᠠᠨ ᠡᠷᠭᠢᠯᠡᠭᠰᠡᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ | ᠬᠥᠬᠡᠮᠥ᠋ᠷᠡᠨ ᠤ ᠭᠤᠷᠪᠠᠯᠵᠢᠨ ᠬᠤᠶᠢᠭ ᠲᠤ ᠣᠴᠢᠬᠤᠢ︾ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠱᠠᠩᠬᠠᠢ ᠶᠢᠨ | ᠬᠥᠬᠡᠮᠥ᠋ᠷᠡᠨ ᠤ ᠭᠤᠷᠪᠠᠯᠵᠢᠨ ᠬᠤᠶᠢᠭ ᠲᠠᠬᠢ ᠳ᠋ᠢᠭᠢᠳ᠋ᠴᠢᠯᠡᠭᠰᠡᠨ ᠵᠣᠴᠢᠯᠠᠬᠤ ᠲᠢᠩᠬᠢᠮ ᠳᠤ ᠶᠠᠪᠤᠭᠳᠠᠪᠠ᠃ ᠰᠣᠶᠣᠯ ᠵᠢᠭᠤᠯᠴᠢᠯᠠᠯ ᠤᠨ ᠲᠢᠩᠬᠢᠮ ᠤᠨ ᠬᠢᠨ ︽ | ᠴᠡᠴᠡᠭ ᠤᠨ ᠴᠢᠮᠡᠭᠡ ᠶᠢ ᠰᠠᠯᠬᠢᠨ ᠳᠠᠮᠵᠢᠭᠤᠯᠤᠮᠤᠢ ᠥᠪᠥᠷ ᠮᠣᠩᠭᠤᠯ ᠳᠠᠬᠢ ᠬᠠᠪᠤᠷ ᠤᠨ ᠪᠣᠯᠵᠤᠭ᠎ᠠ ᠳᠤ ᠬᠠᠮᠲᠤ ᠪᠠᠷ ᠣᠴᠢᠶ᠎ᠠ︾ ᠭᠡᠰᠡᠨ ᠢᠶᠠᠷ ᠭᠤᠣᠯ ᠰᠡᠳᠦᠪ | ᠪᠣᠯᠭᠠᠨ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠲᠠᠨᠢᠯᠴᠠᠭᠤᠯᠭ᠎ᠠ ᠥᠷᠨᠢᠭᠦᠯᠪᠡ︔ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠨ ᠡᠯ᠎ᠡ ᠭᠠᠵᠠᠷ ᠤᠨ ᠣᠨᠴᠠᠯᠢᠭᠲᠤ ᠮᠠᠯ ᠲᠠᠷᠢᠶᠠᠯᠠᠩ ᠤᠨ ᠭᠠᠷᠤᠯᠲᠠ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ | ᠵᠠᠭᠤ ᠭᠠᠷᠤᠢ ᠵᠦᠢᠯ ᠭᠠᠷᠭᠠᠪᠠ︔ ᠦᠬᠠᠢ ᠬᠤᠲᠠ᠂ ᠷᠠᠰᠢᠶᠠᠨ ᠬᠤᠲᠠ ᠶᠢᠨ ᠬᠢᠨ ᠲᠣᠰ ᠲᠣᠰ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠡᠢ᠃ ᠤᠯᠠᠨ ᠠᠵᠤ | ᠠᠬᠤᠶᠢᠯᠠᠯ ᠤᠳ ᠥᠪᠥᠷ ᠮᠣᠩᠭᠤᠯ ᠤᠨ ᠮᠠᠯ ᠲᠠᠷᠢᠶᠠᠯᠠᠩ ᠤᠨ ᠭᠠᠷᠤᠯᠲᠠ ᠶᠢᠨ ᠳᠡᠯᠭᠡᠨ ᠦᠵᠡᠭᠦᠯᠭᠡ ᠳᠤ ᠣᠷᠣᠯᠴᠠᠭᠰᠠᠨ ᠲᠠᠯ᠎ᠠ ᠶᠢᠨ ᠬᠢᠨ ᠯᠤᠭ᠎ᠠ ᠬᠤᠳᠠᠯᠳᠤᠨ | ᠠᠪᠬᠤ ᠰᠠᠨᠠᠮᠵᠢ ᠲᠣᠬᠢᠷᠠᠯᠴᠠᠵᠤ᠂ ᠮᠠᠨ ᠤ ᠣᠷᠣᠨ ᠬᠢᠭᠡᠳ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠠᠬᠤᠶᠢᠯᠠᠯ ᠯᠤᠭ᠎ᠠ 7 ᠵᠦᠢᠯ ᠤᠨ ᠬᠠᠮᠲᠤᠷᠠᠯᠴᠠᠭᠠᠨ ᠤ | ᠵᠥᠪᠯᠡᠯᠴᠡᠭᠡᠷ ᠲᠣᠬᠢᠷᠠᠯᠴᠠᠵᠤ᠂ ᠰᠣᠶᠣᠯ ᠵᠢᠭᠤᠯᠴᠢᠯᠠᠯ ᠤᠨ ᠭᠠᠳᠠᠭᠠᠳᠤ ᠤᠬᠠᠭᠤᠯᠭ᠎ᠠ᠂ ᠳ᠋ᠠᠶᠢᠲ᠋ᠠ ᠪᠠᠷ ᠳᠣᠣᠷ᠎ᠠ ᠠᠭᠠᠷ ᠤᠨ ᠠᠵᠤ ᠠᠬᠤᠢ ᠶᠢ ᠡᠷᠴᠢᠮᠯᠡᠬᠦ ᠵᠡᠷᠭᠡ | ᠬᠦᠷᠢᠶ᠎ᠡ ᠶᠢ ᠬᠠᠮᠤᠷᠴᠠᠢ᠃ ︵ᠰᠣᠶᠣᠯ ᠪᠠ ᠵᠢᠭᠤᠯᠴᠢᠯᠠᠯ ᠤᠨ ᠲᠢᠩᠬᠢᠮ︶ | | | |