3 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠤᠰᠢᠭᠤ ᠱᠠᠯᠠᠮᠠᠭᠠᠢ ᠲᠤᠭᠤᠰᠢᠯᠠᠭᠤᠯᠤᠨ ᠬᠡᠷᠡᠭᠵᠢᠭᠦᠯᠦᠭᠴᠢ᠂ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ ᠠᠵᠢᠯᠯᠠᠭᠠᠨ ᠤ ᠭᠠᠪᠰᠢᠭᠠᠶᠢᠯᠠᠭᠴᠢ᠂ ᠭᠠᠷᠮᠠᠭᠠᠢ ᠠᠵᠢᠯᠯᠠᠨ ᠴᠢᠳᠠᠮᠠᠭᠠᠢ ᠪᠦᠲᠦᠭᠡᠬᠦ ᠪᠣᠳᠠᠲᠠᠢ ᠠᠵᠢᠯᠯᠠᠭᠴᠢ ᠪᠣᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ | ︽ᠡᠷᠭᠢᠨ ᠬᠠᠷᠠᠵᠤ︾᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ | ᠴᠢᠩᠭᠠᠳᠬᠠᠵᠤ᠂ ᠪᠦᠭᠦ ᠲᠠᠯ᠎ᠠ ᠪᠠᠷ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ | ᠢᠯᠡᠭᠦᠬᠡᠨ ᠪᠥᠭᠡᠳ ᠲᠦᠷᠭᠡᠨ ᠭᠠᠷᠭᠠᠵᠤ᠂ ᠪᠦᠭᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ︽ᠰᠠᠶᠢᠨ ᠡᠭᠢᠯᠡᠯᠲᠡ︾᠂ ︽ᠪᠦᠭᠦ ᠤᠯᠠᠷᠢᠯ ᠢᠶᠠᠷ ᠢᠶᠠᠨ | ᠠᠮᠵᠢᠯᠲᠠ ᠲᠠᠢ︾᠂ ︽ᠪᠦᠭᠦ ᠵᠢᠯ ᠢᠶᠠᠷ ᠢᠶᠠᠨ ᠠᠮᠵᠢᠯᠲᠠ ᠲᠠᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ᠂ ︽ | ᠵᠣᠬᠢᠶᠠᠮᠠᠯ ᠤᠶᠤᠨ ᠴᠢᠳᠠᠪᠤᠷᠢ +︾ 23 ᠵᠦᠢᠯ ᠤᠨ ᠭᠤᠣᠯᠳᠠᠯᠭ᠎ᠠ ᠲᠠᠢ ᠡᠭᠦᠷᠭᠡ᠂ 30 ᠵᠦᠢᠯ ᠤᠨ ᠣᠨ ᠤ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ | ᠪᠦᠲᠦᠭᠡᠬᠦ︾᠂ ᠥᠨᠳᠥᠷ ᠤᠷ᠎ᠠ ᠮᠡᠷᠭᠡᠵᠢᠯ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠵᠡᠷᠭᠡ ᠠᠵᠢᠯ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠱᠠᠭᠠᠷᠳᠠᠯᠭ᠎ᠠ ᠶᠢ ᠪᠠᠲᠤ ᠡᠵᠡᠮᠳᠡᠵᠦ ᠦᠢᠯᠡᠳᠬᠦ ᠦᠢᠯᠡᠰ ᠤᠨ ᠭᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠠᠵᠢᠯ ᠢ ᠰᠤᠳᠤᠯᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ | ᠵᠣᠬᠢᠶᠠᠬᠤ ᠶᠢ ᠰᠡᠷᠭᠡᠶᠢᠯᠡᠨ ᠵᠠᠰᠠᠬᠤ ᠶᠢᠨ ᠲᠦᠢᠯ ᠤᠨ ᠴᠢᠬᠤᠯᠠ ᠴᠢᠨᠠᠷ ᠢ ᠤᠯᠤᠰ ᠲᠥᠷᠥ ᠶᠢᠨ ᠲᠠᠯ᠎ᠠ ᠠᠴᠠ ᠲᠠᠨᠢᠵᠤ᠂ ᠠᠵᠢᠯ ᠤᠨ ᠠᠮᠵᠢᠯᠲᠠ ᠪᠦᠳᠤᠮᠵᠢ ᠶᠢᠨ ᠵᠥᠪ | ᠦᠵᠡᠯᠲᠡ ᠶᠢ ᠪᠠᠲᠤ ᠪᠤᠶ ᠪᠤᠯᠭᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ | ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠲᠤᠭ᠎ᠠ ᠪᠦᠷᠢᠳᠬᠡᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠵᠤ᠂ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠨ ᠲᠣᠭᠲᠠᠭᠠᠵᠤ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠡᠮᠴᠢᠯᠡᠭᠡᠨ᠂ | ᠣᠷᠣᠨ ᠰᠠᠭᠤᠴᠠ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠠᠢ ᠤᠶᠠᠯᠳᠤᠭᠤᠯᠵᠤ᠂ ᠬᠦᠷᠢᠶ᠎ᠡ ᠳᠠᠷᠠᠭᠠᠯᠠᠨ ᠴᠡᠭᠴᠡᠯᠡᠨ ᠵᠠᠰᠠᠵᠤ᠂ | ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠪᠠ ᠦᠷ᠎ᠡ ᠪᠦᠲᠦᠮᠵᠢ ᠶᠢ ᠦᠨᠡᠨ ᠬᠦ ᠦᠵᠡᠭᠦᠯᠭᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠤᠭᠰᠠᠨ | ᠪᠠᠶᠢᠳᠠᠯ ᠢ ᠰᠣᠨᠣᠰᠴᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢᠨ ᠲᠣᠭᠤᠷᠢᠨ ᠳᠤ ᠶᠠᠮᠠᠷ ᠠᠰᠠᠭᠤᠳᠠᠯ ᠪᠠᠶᠢᠪᠠᠯ ᠶᠠᠮᠠᠷ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠤᠷᠤᠬᠴᠢᠳ ᠤᠨ ᠤᠯᠤᠰ ᠤᠨ ᠨᠢᠭᠡᠳᠦᠯᠲᠡᠢ ᠰᠢᠯᠭᠠᠯᠲᠠ ᠳᠤ ᠨᠠᠷᠢᠨ ᠨᠢᠮᠪᠠᠢ ᠰᠠᠶᠢᠲᠤᠷ ᠦᠢᠯᠡᠴᠢᠯᠡᠵᠦ᠂ ᠬᠡᠦᠬᠡᠳ | ᠪᠦᠷᠢ ᠶᠢ ᠴᠥᠮ ᠰᠠᠶᠢᠨ ᠬᠢᠷᠢ ᠪᠦᠲᠦᠮᠵᠢ ᠣᠯᠵᠤ ᠴᠢᠳᠠᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ | ᠤᠯᠤᠰ ᠤᠨ ᠥᠮᠴᠢᠯᠡᠯᠲᠦ ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠠᠵᠢᠯ ᠢ ᠰᠤᠳᠤᠯᠵᠠᠢ᠃ | | | |