ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/8
      ᠾᠧ ᠸᠧᠢ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      3 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠦᠨ ᠫᠧᠩ ᠭᠠᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠯᠢᠨ ᠾᠧ ᠲᠣᠭᠤᠷᠢᠭ᠂ ᠤᠷᠠᠳ ᠤᠨ ᠬᠤᠶᠢᠲᠤ ᠬᠤᠰᠢᠭᠤ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠾᠧ ᠸᠧᠢ ᠬᠤᠸᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠦᠨᠳᠦᠰᠦᠨ ᠵᠠᠷᠴᠢᠮ᠂ ᠦᠷᠳᠡᠭ ᠤᠨ ᠬᠠᠨᠳᠤᠰᠢ᠂ ᠬᠥᠭᠵᠢᠯᠲᠡ ᠶᠢᠨ ᠴᠢᠭᠯᠡᠯ᠂ ᠭᠤᠣᠯᠳᠠᠯᠭ᠎ᠠ ᠲᠠᠢ ᠡᠭᠦᠷᠭᠡ᠂ ᠰᠠᠭᠤᠷᠢ ᠪᠠᠲᠤᠯᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠢᠩᠭ᠎ᠠ ᠤᠯᠤᠰ ᠲᠥᠷᠥ ᠶᠢᠨ ᠤᠬᠠᠮᠰᠠᠷ᠂ ᠵᠢᠭᠰᠠᠭᠠᠯ ᠤᠨ ᠭᠠᠵᠠᠷ ᠤᠨ ᠤᠬᠠᠮᠰᠠᠷ᠂ ᠲᠦᠭᠰᠢᠭᠦᠷᠢ ᠶᠢᠨ ᠤᠬᠠᠮᠰᠠᠷ ᠢᠶᠠᠷ ᠳᠤᠲᠠᠭᠤᠳᠠᠯ ᠢᠶᠠᠨ ᠨᠥᠬᠦᠪᠥᠷᠢᠯᠡᠵᠦ᠂ ᠡᠭᠦᠷᠭᠡ ᠬᠠᠷᠢᠭᠤᠴᠠᠯᠭ᠎ᠠ ᠪᠠᠨ ᠰᠢᠯᠤᠭᠤᠳᠬᠠᠵᠤ᠂ ᠲᠣᠭᠲᠠᠴᠠ ᠪᠠᠨ ᠪᠦᠷᠢᠨᠰᠢᠬᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠨᠡᠶᠢᠭᠡᠮ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠬᠡᠵᠡᠢ᠃      ᠾᠧ ᠸᠧᠢ ᠬᠤᠸᠠ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠥᠷᠭᠡᠳᠬᠡᠨ ᠭᠦᠨᠵᠡᠭᠡᠶᠢᠷᠡᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠪᠠᠨ ᠥᠷᠭᠡᠳᠬᠡᠵᠦ᠂ ᠠᠵᠢᠯ ᠤᠨ ︽ᠬᠤᠶᠠᠷ ᠢ ᠪᠦᠷᠬᠦᠭᠦᠯᠬᠦ︾ ᠶᠢ ᠥᠷᠭᠡᠳᠬᠡᠵᠦ᠂ ᠤᠯᠤᠰ ᠲᠦᠷᠦ᠂ ᠵᠣᠬᠢᠶᠠᠨ ᠪᠠᠶᠢᠭᠤᠯᠤᠯᠲᠠ ᠶᠢᠨ ︽ᠬᠤᠶᠠᠷ ᠴᠢᠳᠠᠮᠵᠢ︾ ᠶᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠳᠠᠨ ᠤ ︽ᠬᠤᠶᠠᠷ ᠡᠩᠨᠡᠭᠡ︾ ᠶᠢ ᠪᠠᠶᠢᠭᠤᠯᠤᠨ ᠬᠦᠴᠦᠷᠬᠡᠭᠵᠢᠭᠦᠯᠵᠦ᠂ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ︽ᠬᠤᠶᠠᠷ ᠵᠢᠭᠰᠠᠭᠠᠯ ᠤᠨ ᠭᠠᠵᠠᠷ︾ ᠢ ᠰᠠᠶᠢᠲᠤᠷ ᠠᠳᠬᠤᠵᠤ᠂ ᠨᠠᠮ ᠤᠨ ᠬᠠᠷᠠᠭᠠᠰᠤ ᠠᠴᠠ ᠨᠡᠶᠢᠭᠡᠮ ᠤᠨ ᠡᠯ᠎ᠡ ᠬᠦᠷᠢᠶᠡᠨ ᠳᠤ ᠬᠦᠷᠲᠡᠯ᠎ᠡ ᠥᠷᠭᠡᠳᠬᠡᠬᠦ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠰᠠᠭᠤᠷᠢ ᠶᠢ ᠪᠠᠲᠤᠳᠬᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠵᠥᠷᠢᠴᠡᠯ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠨᠠᠮ ᠤᠨ ᠲᠦᠷᠦ ᠪᠠᠷᠢᠬᠤ ᠰᠠᠭᠤᠷᠢ ᠶᠢ ᠦᠷᠭᠦᠯᠵᠢᠯᠡᠨ ᠰᠠᠶᠢᠲᠤᠷ ᠪᠠᠬᠢᠵᠢᠭᠦᠯᠬᠦ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ᠶᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ ᠬᠡᠷᠡᠭᠯᠡᠵᠦ᠂ ᠠᠷᠠᠳ ᠲᠦᠮᠡᠨ ᠤ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠠᠷᠢᠨ ᠬᠢᠨᠠᠮᠠᠭᠠᠢ ᠥᠷᠨᠢᠭᠦᠯᠵᠦ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠤᠯᠠᠨ ᠲᠦᠮᠡᠨ ᠣᠷᠣᠯᠴᠠᠬᠤ᠂ ᠬᠠᠮᠵᠢᠯᠴᠠᠨ ᠥᠨᠳᠥᠷ ᠪᠦᠲᠦᠮᠵᠢᠲᠡᠢ ᠠᠵᠢᠯ ᠤᠨ ᠪᠠᠶᠢᠳᠠᠯ ᠢ ᠲᠦᠷᠭᠡᠨ ᠪᠦᠷᠢᠯᠳᠦᠭᠦᠯᠬᠦ ᠬᠡᠷᠡᠭᠲᠡᠢ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ