ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠮᠠᠰᠢᠨ ᠪᠠᠭᠠᠵᠢ ᠶᠢᠨ ᠪᠠᠲᠤᠯᠠᠭ᠎ᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2025/4/8
      ᠡᠨᠡ ᠵᠢᠯ᠂ ᠮᠠᠨ ᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠡᠷᠲᠡᠬᠡᠨ ᠠᠷᠭ᠎ᠠ ᠰᠦᠪᠡᠭᠴᠢᠯᠡᠵᠦ᠂ ᠡᠷᠲᠡᠬᠡᠨ ᠬᠥᠳᠡᠯᠦᠯᠴᠡᠵᠦ᠂ ᠮᠠᠰᠢᠨ ᠪᠠᠭᠠᠵᠢ ᠶᠢᠨ ᠪᠠᠲᠤᠯᠠᠭ᠎ᠠ᠂ ᠮᠡᠷᠭᠡᠵᠢᠯ ᠤᠨ ᠪᠣᠯᠪᠠᠰᠤᠷᠠᠭᠤᠯᠤᠯ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠵᠡᠷᠭᠡ ᠣᠯᠠᠨ ᠲᠠᠯ᠎ᠠ ᠪᠠᠷ ᠬᠦᠴᠦᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠮᠠᠰᠢᠨ ᠪᠠᠭᠠᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠪᠠ᠃      ᠲᠠᠷᠢᠶᠠᠯᠠᠩ ᠤᠨ ᠮᠠᠰᠢᠨ ᠪᠠᠭᠠᠵᠢ ᠶᠢ ᠰᠠᠶᠢᠨ ᠰᠠᠶᠢᠬᠠᠨ ᠪᠠᠶᠢᠳᠠᠯ ᠢᠶᠠᠷ ᠦᠢᠯᠡᠳᠪᠦᠷᠢᠯᠡᠯ ᠳᠤ ᠣᠷᠣᠭᠤᠯᠬᠤ ᠶᠢ ᠪᠠᠲᠤᠯᠠᠬᠤ ᠶᠢᠨ ᠲᠥᠯᠥᠭᠡ᠂ ᠬᠤᠲᠠ᠂ ᠰᠢᠶᠠᠨ ᠬᠤᠶᠠᠷ ᠱᠠᠲᠤᠨ ᠤ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠮᠠᠰᠢᠨ ᠤ ᠬᠤᠷᠰᠢᠶ᠎ᠠ᠂ ᠲᠠᠷᠢᠶᠠᠯᠠᠩ ᠤᠨ ᠮᠠᠰᠢᠨ ᠤ ᠲᠣᠮᠣ ᠡᠷᠦᠬᠡ ᠪᠠ ᠲᠠᠷᠢᠶᠠᠯᠠᠩ ᠤᠨ ᠮᠠᠰᠢᠨ ᠤ ᠰᠡᠯᠪᠢᠨ ᠵᠠᠰᠠᠬᠤ ᠴᠡᠭ ᠲᠤ ᠭᠦᠨᠵᠡᠭᠡᠶᠢᠷᠡᠨ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠵᠢᠯᠣᠭᠤᠳᠤᠨ ᠥᠷᠨᠢᠭᠦᠯᠵᠦ᠂ ᠡᠯ᠎ᠡ ᠲᠦᠷᠦᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠨᠡᠶᠢᠲᠡ 3.4 ᠲᠦᠮᠡ ᠭᠠᠷᠤᠢ ᠰᠠᠭᠤᠷᠢ ︵ᠢᠵᠢ︶ ᠪᠠᠷ ᠪᠠᠶᠢᠴᠠᠭᠠᠨ ᠵᠠᠰᠠᠭᠰᠠᠨ ᠪᠥᠭᠡᠳ ᠲᠠᠷᠢᠶᠠᠯᠠᠩ ᠤᠨ ᠮᠠᠰᠢᠨ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠪᠣᠯᠣᠨ ᠰᠡᠯᠪᠢᠨ ᠵᠠᠰᠠᠬᠤ ᠴᠡᠭ ᠢ ᠵᠣᠬᠢᠴᠠᠭᠤᠯᠤᠨ ᠲᠠᠷᠢᠶᠠᠯᠠᠩ ᠤᠨ ᠮᠠᠰᠢᠨ ᠪᠠᠭᠠᠵᠢ ᠵᠢᠴᠢ ᠰᠡᠯᠪᠢᠭ ᠲᠣᠨᠤᠭ ᠢ ᠨᠥᠭᠡᠴᠡᠯᠡᠵᠦ ᠬᠠᠩᠭᠠᠬᠤ ᠠᠵᠢᠯ ᠢ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠲᠠᠷᠢᠶᠠᠯᠠᠩ ᠤᠨ ᠮᠠᠰᠢᠨ ᠪᠠᠭᠠᠵᠢ ᠶᠢᠨ ᠥᠨᠳᠥᠷ ᠪᠦᠲᠦᠮᠵᠢᠲᠡᠶ ᠠᠵᠢᠯᠯᠠᠭᠠᠨ ᠳᠤ ᠬᠦᠴᠦᠲᠡᠢ ᠮᠡᠷᠭᠡᠵᠢᠯ ᠤᠨ ᠳᠡᠮᠵᠢᠯᠭᠡ ᠪᠠ ᠡᠳ᠋ ᠪᠣᠳᠠᠰ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠠᠷᠢᠶᠠᠯᠠᠩ ᠤᠨ ᠮᠠᠰᠢᠨ ᠤ ᠠᠵᠢᠯᠯᠠᠬᠤ ᠮᠡᠷᠭᠡᠵᠢᠯ ᠴᠢᠳᠠᠪᠤᠷᠢ ᠪᠠ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠪᠠᠰᠤᠷᠠᠯ ᠤᠨ ᠠᠩᠭᠢ ᠡᠷᠭᠢᠯᠡᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠪᠣᠯᠪᠠᠰᠤᠷᠠᠯ ᠪᠠ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠪᠣᠯᠪᠠᠰᠤᠷᠠᠭᠤᠯᠤᠯ ᠤᠨ ᠠᠭᠤᠯᠭ᠎ᠠ ᠳᠤ ᠲᠠᠷᠢᠶᠠᠯᠠᠩ ᠤᠨ ᠮᠠᠰᠢᠨ ᠤ ᠠᠵᠢᠯᠯᠠᠬᠤ ᠤᠷ᠎ᠠ ᠴᠢᠳᠠᠪᠤᠷᠢ᠂ ᠬᠡᠮ ᠰᠣᠭᠤᠭ ᠢ ᠠᠷᠢᠯᠭᠠᠬᠤ᠂ ᠠᠮᠤᠷ ᠲᠦᠪᠰᠢᠨ ᠤ ᠬᠠᠤᠯᠢ ᠲᠣᠭᠲᠠᠭᠠᠯ ᠵᠡᠷᠭᠡ ᠮᠡᠳᠡᠯᠭᠡ ᠶᠢ ᠬᠠᠮᠤᠷᠴᠤ ᠂ ᠲᠠᠷᠢᠶᠠᠯᠠᠩ ᠤᠨ ᠮᠠᠰᠢᠨ ᠤ ᠠᠵᠢᠯᠲᠠᠨ ᠢ ᠨᠡᠶᠢᠲᠡ 1000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠪᠠ᠃ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠰᠠ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ᠂ ᠲᠠᠷᠢᠶᠠᠯᠠᠩ ᠤᠨ ᠮᠠᠰᠢᠨ ᠤ ᠠᠵᠢᠯᠯᠠᠬᠤ ᠲᠠᠯᠠᠪᠤᠷ ᠪᠠ ᠲᠠᠷᠢᠶᠠᠯᠠᠩ ᠤᠨ ᠮᠠᠰᠢᠨ ᠤ ᠰᠡᠯᠪᠢᠨ ᠵᠠᠰᠠᠬᠤ ᠲᠣᠤᠷ ᠴᠢᠭ ᠲᠤ ᠭᠦᠨᠵᠡᠭᠡᠶᠢᠷᠡᠨ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠭᠡᠮ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ︽ᠭᠡᠮ ᠲᠠᠢ︾ ᠲᠠᠷᠢᠶᠠᠯᠠᠩ ᠤᠨ ᠮᠠᠰᠢᠨ ᠪᠠᠭᠠᠵᠢ ᠶᠢᠨ ᠠᠰᠢᠭᠯᠠᠯᠲᠠ ᠳᠤ ᠣᠷᠣᠭᠤᠯᠤᠨ ᠠᠵᠢᠯᠯᠠᠬᠤ ᠶᠢ ᠴᠢᠩᠭ᠎ᠠ ᠴᠠᠭᠠᠵᠠᠯᠠᠨ᠎ᠠ᠃ ᠣᠳᠣᠬᠠᠨ ᠳᠤ᠂ ᠪᠥᠬᠦ ᠬᠤᠲᠠ ᠶᠢᠨ ᠬᠠᠪᠤᠷ ᠤᠨ ᠲᠠᠷᠢᠶᠠᠯᠠᠭ᠎ᠠ ᠳᠤ 45.97 ᠲᠦᠮᠡᠨ ᠰᠠᠭᠤᠷᠢ ᠲᠠᠷᠢᠶᠠᠯᠠᠩ ᠤᠨ ᠮᠠᠰᠢᠨ ᠪᠠᠭᠠᠵᠢ ᠳᠤ ᠪᠡᠯᠡ ᠣᠷᠣᠭᠤᠯᠵᠤ᠂ ᠡᠭᠦᠨ ᠳᠤ ᠬᠥᠳᠡᠯᠭᠡᠬᠦ ᠬᠦᠴᠦᠨ ᠤ ᠮᠠᠰᠢᠨ ︵ᠲᠷᠠᠺᠲ᠋ᠣᠷ︶ 18.98 ᠲᠦᠮᠡᠨ ᠰᠠᠭᠤᠷᠢ᠂ ᠭᠠᠵᠠᠷ ᠲᠡᠭᠰᠢᠯᠡᠬᠦ ᠮᠠᠰᠢᠨ 20.13 ᠲᠦᠮᠡ᠂ ᠳᠠᠷᠢᠬᠤ ᠮᠠᠰᠢᠨ 6.38 ᠲᠦᠮᠡᠨ ᠰᠠᠤᠷᠢ᠂ ᠳᠣᠬᠢᠭᠤᠷ ᠲᠤᠯᠤᠭᠠᠨ ᠣᠲᠣ ᠵᠠᠮᠴᠢᠯᠠᠬᠤ ᠳᠤ ᠲᠤᠰᠠᠯᠠᠬᠤ ᠵᠢᠯᠣᠭᠤᠳᠬᠤ ᠰᠢᠰᠲ᠋ᠧᠮ 4800 ᠭᠠᠷᠤᠶ ᠪᠣᠶ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ