4 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ | ᠬᠤᠲᠠ ᠶᠢᠨ ᠬᠢᠯᠢ ᠶᠢᠨ ᠬᠠᠮᠠᠭᠠᠯᠠᠯᠲᠠ ᠶᠢᠨ ᠠᠯᠪᠠᠨ ᠬᠡᠷ ᠠᠴᠠ ᠳᠠᠭᠠᠭᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠤᠷᠠᠳ ᠤᠨ ᠳᠤᠮᠳᠠᠳᠤ ᠬᠤᠰᠢᠭᠤᠨ ᠤ ᠭᠠᠭᠴᠠᠮᠤᠳᠤ ᠪᠠᠯᠭᠠᠰᠤᠨ ᠳᠤ | ᠡᠬᠢᠯᠡᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ | ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠬᠢᠯᠢ ᠶᠢᠨ | ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠪᠠ︔ ᠤᠷᠠᠳ ᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠤᠨ | ᠲᠣᠭᠯᠠᠭᠴᠢᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ | ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ︾ ᠪᠠᠷ ᠭᠤᠤᠯ ᠰᠡᠳᠦᠪ ᠪᠣᠯᠭᠠᠵᠤ᠂ ᠮᠠᠨ ᠤ ᠬᠤᠲᠠ ᠶᠢᠨ ᠬᠢᠯᠢ ᠳᠤ | ᠬᠤᠯᠪᠣᠭᠳᠠᠬᠤ ᠨᠢᠭᠡᠴᠡ᠂ ᠬᠢᠯᠢ ᠶᠢᠨ ᠬᠠᠮᠠᠭᠠᠯᠠᠭᠴᠢ᠂ ᠡᠷᠦᠬᠡ ᠶᠢᠨ ᠴᠡᠷᠢᠭ᠂ ᠤᠯᠠᠭᠠᠨᠮᠥ᠋ᠴᠢᠷ ᠵᠡᠷᠭᠡ ᠭᠠᠵᠠᠷ ᠤᠨ ᠡᠮᠦᠨ᠎ᠡ ᠵᠠᠬ᠎ᠠ ᠶᠢᠨ ᠮᠠᠯᠵᠢᠬᠤ ᠭᠠᠵᠠᠷ᠂ | ᠭᠤᠤᠯᠳᠠᠯᠭ᠎ᠠ ᠲᠠᠢ ᠠᠵᠢᠯ ᠲᠥᠷᠥᠯ᠂ ᠵᠡᠭᠡᠯᠢ ᠭᠤᠳᠤᠮᠵᠢ ᠶᠢᠨ ᠠᠭᠤᠳᠠᠮ ᠲᠠᠯᠠᠪᠠᠶ᠂ ᠰᠤᠷᠭᠠᠭᠤᠯᠢ ᠶᠢᠨ ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ ᠴᠠᠭᠳᠠᠭᠠᠨ ᠤ | ᠬᠤᠸᠠᠷᠠᠨ ᠵᠡᠷᠭᠡ ᠭᠠᠵᠠᠷ ᠲᠤ ᠭᠦᠨᠵᠡᠭᠡᠶᠢᠷᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠶ ᠶᠢᠨ ᠤᠯᠤᠰ ᠤᠨ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠲᠦᠮᠡᠨ ᠤ | ᠬᠠᠤᠯᠢ ᠶᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ ᠨᠡᠮᠡᠷᠢ ᠦᠵᠡᠭᠦᠯᠬᠦ ᠪᠣᠯᠤᠨ᠎ᠠ᠃ | |