ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2025/4/8
      ᠡᠨᠡ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠬᠤᠲᠠ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠲᠠᠯ᠎ᠠ ᠶᠢᠨ ᠠᠵᠢᠯ ᠰᠢᠨ᠎ᠡ ᠠᠬᠢᠴᠠ ᠲᠠᠢ ᠪᠣᠯᠪᠠ᠃      ᠲᠣᠭᠠᠴᠢᠯᠠᠭᠰᠠᠨ ᠠᠵᠤ ᠠᠬᠤᠢ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠠᠵᠠ ᠲᠣᠬᠢᠶᠠᠯ ᠢ ᠢᠳᠡᠪᠬᠢᠲᠡᠶ ᠠᠳᠬᠤᠵᠤ᠂ ᠮᠠᠨ ᠤ ᠬᠤᠲᠠ ᠶᠢᠨ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠵᠢᠴᠢ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠲᠣᠭᠠᠴᠢᠯᠠᠭᠰᠠᠨ ᠠᠵᠤ ᠠᠬᠤᠶ ᠪᠠ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠠᠬᠢ ᠲᠣᠰ ᠭᠠᠵᠠᠷ ᠤᠨ ᠬᠥᠭᠵᠢᠯᠲᠡ ᠳᠤ ᠳᠣᠭᠢᠷᠠᠬᠤ 6 ᠭᠤᠤᠯᠳᠠᠯᠭ᠎ᠠ ᠲᠠᠢ ᠲᠥᠷᠥᠯ ᠵᠦᠢᠯ ᠢ ᠨᠠᠷᠢᠨ ᠨᠢᠮᠪᠠᠶ ᠰᠢᠯᠢᠨ ᠰᠣᠩᠭᠤᠵᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠶᠢᠨ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠲᠤᠭ᠎ᠠ ᠪᠠᠷᠢᠮᠲᠠ ᠶᠢᠨ ᠭᠦᠢᠯᠭᠡᠭᠡᠨ ᠤ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠠᠵᠢᠯ ᠲᠥᠷᠥᠯ ᠤᠨ ᠴᠢᠨᠠᠷ ᠰᠠᠶᠢᠲᠠᠶ ᠲᠤᠭ᠎ᠠ ᠪᠠᠷᠢᠮᠲᠠ ᠶᠢᠨ ᠴᠤᠭᠯᠠᠷᠠᠯ ᠤᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ 7 ᠴᠢᠨᠠᠷ ᠰᠠᠶᠢᠲᠠᠶ ᠲᠥᠷᠥᠯ ᠵᠦᠢᠯ ᠢ ᠭᠤᠤᠯᠳᠠᠯᠭ᠎ᠠ ᠲᠠᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠭᠤᠯᠬᠤ ᠪᠠᠷ ᠪᠠᠶᠢᠨ᠎ᠠ᠃      ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ ᠪᠠᠶᠠᠨᠨᠠᠭᠤᠷ ᠬᠤᠲᠠ ᠶᠢᠨ ᠴᠠᠬᠢᠯᠭᠠᠨ ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ 60 ᠰᠠᠭᠤᠷᠢ ᠥᠷᠲᠡᠭᠡ ᠶᠢ ᠲᠥᠯᠥᠪᠵᠢᠭᠦᠯᠦᠨ ᠪᠠᠶᠢᠭᠤᠯᠵᠤ᠂ ᠣᠳᠣᠬᠠᠨ ᠳᠤ ᠶᠠᠭ ᠰᠠᠭᠤᠷᠢ ᠥᠷᠲᠡᠭᠡ ᠶᠢᠨ ᠭᠠᠵᠠᠷ ᠰᠣᠩᠭᠤᠬᠤ ᠠᠵᠢᠯ ᠢ ᠥᠷᠨᠢᠭᠦᠯᠵᠦ ᠪᠠᠶᠢᠨ᠎ᠠ᠃ ᠪᠠᠶᠠᠨᠨᠠᠭᠤᠷ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠪᠥᠬᠦ ᠲᠠᠯ᠎ᠠ ᠪᠠᠷ ᠭᠠᠷᠴᠤ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ 5G᠂ ᠲᠣᠮᠣ ᠳ᠋ᠠᠶᠢᠲ᠋ᠠ ᠵᠡᠷᠭᠡ ᠬᠠᠮᠢᠶ᠎ᠠ ᠪᠥᠬᠦᠶ ᠮᠡᠷᠭᠡᠵᠢᠯ ᠢ ᠭᠦᠢᠴᠡᠳ ᠠᠰᠢᠭᠯᠠᠨ᠂ ᠪᠥᠬᠦ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠤᠰᠤᠨ  ᠠᠰᠢᠭᠯᠠᠯᠲᠠ ᠶᠢᠨ ︽ᠨᠢᠭᠡ ᠵᠢᠷᠤᠭ︾ ᠤᠨ ᠲᠥᠰᠦᠯ ᠢ ᠬᠡᠷᠡᠭᠵᠢᠭᠦᠯᠵᠦ ᠳᠠᠭᠤᠰᠤᠭᠰᠠᠨ ᠤ ᠬᠠᠮᠲᠤ  ᠲᠤᠷᠰᠢᠨ  ᠠᠵᠢᠯᠯᠠᠭᠤᠯᠪᠠ᠃ DeepSeek ᠲᠤᠭ᠎ᠠ ᠪᠠᠷᠢᠮᠲᠠ ᠶᠢᠨ ᠲᠣᠮᠣ ᠵᠠᠭᠪᠤᠷ ᠢ ᠲᠤᠰ ᠭᠠᠵᠠᠷ ᠲᠤᠨᠢ ᠪᠠᠢᠷᠢᠯᠠᠭᠤᠯᠵᠤ᠂ ᠣᠶᠤᠨᠴᠢ ᠦᠢᠯᠡᠴᠢᠯᠡᠭᠡ᠂ ᠬᠢᠨᠠᠨ  ᠵᠥᠪᠰᠢᠶᠡᠷᠡᠬᠦ᠂ ᠬᠤᠲᠠ ᠶᠢᠨ ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ 8 ᠭᠤᠣᠯ ᠰᠡᠳᠦᠪᠲᠦ ᠦᠵᠡᠭᠳᠡᠯ ᠢ ᠲᠥᠯᠥᠪᠵᠢᠭᠦᠯᠦᠨ ᠲᠥᠯᠥᠪᠯᠡᠪᠡ᠃      ᠣᠶᠤᠨᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠪᠡ᠃ ᠤᠯᠤᠰ ᠤᠨ ᠲᠣᠭᠠᠴᠢᠯᠠᠭᠰᠠᠨ ᠲᠠᠷᠢᠶᠠᠯᠠᠩ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ ᠣᠶᠤᠨᠴᠢ ᠲᠠᠷᠢᠮᠠᠯ᠂ ᠣᠶᠤᠨᠴᠢ ᠲᠡᠵᠢᠭᠡᠨ ᠦᠷᠡᠵᠢᠭᠦᠯᠬᠦ᠂ ᠣᠶᠤᠨᠴᠢ ᠲᠠᠷᠢᠶᠠᠯᠠᠩ ᠤᠨ ᠮᠠᠰᠢᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠦᠬᠦ ᠬᠤᠲᠠ ᠶᠢᠨ 109 ᠣᠶᠤᠨᠴᠢ ᠲᠠᠷᠢᠶᠠᠯᠠᠩ ᠮᠠᠯᠵᠢᠯ ᠤᠨ ᠲᠠᠯᠠᠪᠠᠢ᠂ 500 ᠦᠬᠡᠷ ᠠᠴᠠ ᠳᠡᠭᠡᠭᠰᠢᠬᠢ ᠲᠡᠵᠢᠭᠡᠨ ᠦᠷᠡᠵᠢᠭᠦᠯᠬᠦ ᠬᠡᠪᠴᠢᠶ᠎ᠡ ᠲᠠᠢ ᠮᠠᠯᠵᠢᠯ ᠤᠨ ᠲᠠᠯᠠᠪᠠᠢ ᠮᠠᠰᠢᠨᠴᠢᠯᠠᠯᠲᠠ᠂ ᠮᠡᠳᠡᠭᠡ ᠵᠠᠩᠭᠢᠵᠢᠯᠲᠠ᠂ ᠤᠶᠤᠨᠴᠢᠯᠠᠭᠰᠠᠨ ᠬᠠᠮᠢᠶᠠᠷᠤᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ 38 ᠣᠶᠤᠨᠴᠢ ᠮᠠᠯᠵᠢᠯ ᠤᠨ ᠲᠠᠯᠠᠪᠠᠢ ᠮᠠᠯ ᠠᠵᠤ ᠠᠬᠤᠢ ᠶᠢᠨ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠲᠥᠷᠥᠯ ᠵᠦᠢᠯ ᠳᠤ ᠲᠦᠰᠢᠭᠯᠡᠨ ᠳᠡᠰ ᠳᠡᠪᠰᠢᠭᠦᠯᠦᠨ ᠥᠭᠡᠷᠡᠴᠢᠯᠡᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠲᠣᠭᠠᠴᠢᠯᠠᠭᠰᠠᠨ ᠲᠡᠵᠢᠭᠡᠨ ᠦᠷᠡᠵᠢᠭᠦᠯᠬᠦ ᠦᠢᠯᠡᠰ ᠤᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠦᠷᠢᠯᠳᠦᠭᠦᠯᠪᠡ᠃ ᠦᠶᠤᠸᠠᠨ  ᠰᠢᠶᠠᠨ᠂ ᠬᠠᠩᠭᠢᠨ  ᠬᠤᠶᠢᠲᠤ  ᠬᠤᠰᠢᠭᠤ ᠲᠣᠭᠠᠴᠢᠯᠠᠭᠰᠠᠨ ᠲᠠᠷᠢᠶᠠᠯᠠᠩ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠡᠬᠢᠯᠡᠭᠦᠯᠦᠨ᠎ᠡ᠃      ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠣᠭᠠᠵᠢᠭᠤᠯᠬᠤ ᠬᠡᠯᠪᠡᠷᠢ ᠪᠠᠨ ᠬᠤᠪᠢᠷᠠᠭᠤᠯᠬᠤ ᠶᠠᠪᠤᠳᠠᠯ ᠰᠢᠨ᠎ᠡ ᠠᠬᠢᠴᠠ ᠲᠠᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠠᠯᠠᠰᠢᠨ ᠬᠤᠨᠢ᠂ ᠨᠣᠤᠰᠣ ᠨᠣᠣᠯᠣᠭᠤᠷ᠂ ᠢᠮᠠᠭᠠᠨ ᠨᠣᠯᠤᠤᠷ᠂ ᠬᠤᠨᠢᠨ ᠠᠷᠠᠰᠤ ᠵᠡᠷᠭᠡ ᠬᠤᠨᠢᠨ ᠤ ᠠᠵᠤ ᠦᠢᠯᠡᠰ ᠤᠨ ᠪᠥᠬᠦ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠢᠨᠠᠨ ᠬᠠᠷᠭᠤᠭᠤᠯᠵᠤ ᠢᠯᠡ ᠨᠡᠶᠢᠲᠡᠯᠡᠬᠦ ᠶᠢ ᠤᠷᠤᠭᠰᠢᠲᠠᠶ ᠪᠠᠲᠤᠯᠠᠪᠠ︔ ᠪᠥᠬᠦ ᠣᠷᠣᠨ ᠪᠦᠰᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠪᠠ ᠡᠳ᠋ᠰᠢᠭᠦᠯᠬᠦ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠤᠶᠤᠨᠴᠢᠯᠠᠨ ᠲᠡᠵᠢᠭᠡᠨ ᠦᠷᠡᠵᠢᠭᠦᠯᠬᠦ ᠦᠢᠯᠡᠴᠢᠯᠡᠭᠡᠨ ᠤ ᠲᠤᠷᠰᠢᠯᠭ᠎ᠠ ᠠᠷᠭ᠎ᠠ ᠬᠢᠳᠡᠯ ᠢ ᠪᠥᠬᠦ ᠲᠠᠯ᠎ᠠ ᠪᠠᠷ ᠳᠡᠯᠭᠡᠷᠡᠭᠦᠯᠦᠨ᠂ ᠲᠣᠰ ᠭᠠᠵᠠᠷ ᠤᠨ ᠣᠨᠴᠠᠯᠢᠭ ᠲᠠᠢ ᠲᠣᠭᠠᠴᠢᠯᠠᠭᠰᠠᠨ ᠠᠵᠤ ᠦᠢᠯᠡᠰ ᠤᠨ ᠵᠢᠱᠢᠶ᠎ᠡ ᠦᠵᠡᠭᠦᠯᠬᠦ ᠶᠢ ᠴᠢᠷᠮᠠᠶᠢᠨ ᠪᠦᠷᠢᠯᠳᠦᠭᠦᠯᠵᠦ᠂ ᠪᠥᠬᠦ ᠬᠤᠲᠠ ᠶᠢᠨ ᠮᠠᠯ ᠠᠵᠤ ᠠᠬᠤᠶ ᠶᠢᠨ ᠤᠶᠤᠨᠴᠢᠯᠠᠨ ᠬᠡᠯᠪᠡᠷᠢ ᠪᠠᠨ ᠬᠤᠪᠢᠷᠠᠭᠤᠯᠤᠨ ᠲᠦᠷᠭᠡᠨ ᠬᠥᠭᠵᠢᠬᠦ ᠶᠢ ᠠᠬᠢᠭᠤᠯᠤᠨ᠎ᠠ᠃      ᠦᠢᠯᠡᠴᠢᠯᠡᠭᠡᠨ ᠤ ᠦᠢᠯᠡᠰ ᠤᠨ ᠲᠣᠭᠠᠴᠠᠯᠠᠭᠰᠠᠨ ᠬᠤᠪᠢᠷᠠᠯᠲᠠ  ᠰᠢᠨ᠎ᠡ  ᠪᠠᠶᠢᠳᠠᠯ ᠢᠯᠡᠷᠡᠪᠡ᠃ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠵᠦ᠂     ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠴᠠᠭᠠᠨ ᠢᠳᠡᠭᠡ ᠦᠢᠯᠡᠳᠪᠦᠷᠢᠯᠡᠬᠦ‍ ᠨᠢᠭᠡ ᠠᠵᠤ ᠠᠬᠤᠶᠢᠯᠠᠯ ᠢ ᠲᠠᠨᠢᠯᠴᠠᠭᠤᠯᠵᠤ᠂ ᠳᠠᠪᠠᠭᠤᠯᠢᠭ ᠠᠵᠤ  ᠦᠢᠯᠡᠰ ᠤᠨ ᠣᠨᠴᠠᠯᠢᠭᠲᠤ  ᠦᠢᠯᠡᠳᠬᠦᠨ ᠤ  ᠡᠯᠧᠺᠲᠷᠣᠨ ᠬᠤᠳᠠᠯᠳᠤᠭ᠎ᠠ ᠪᠠᠷ ᠥᠭᠡᠷᠡᠴᠢᠯᠡᠬᠦ ᠲᠥᠷᠥᠯ  ᠵᠦᠢᠯ ᠢᠶᠠᠨ ᠮᠡᠳᠡᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠣᠭᠠᠴᠢᠯᠠᠭᠰᠠᠨ ᠡᠵᠡᠩᠨᠡᠯᠲᠡ ᠶᠢᠨ  ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔ ᠰᠠᠨ ᠾᠧ ᠷᠦᠨ ᠵᠢᠶᠠ ᠠᠮᠢᠳᠤᠷᠠᠯ ᠤᠨ ᠬᠡᠲᠦ ᠳᠡᠯᠭᠡᠭᠦᠷ ᠢ ᠥᠪᠡᠷᠲᠡᠭᠡᠨ ᠵᠠᠰᠠᠬᠤ ᠣᠷᠣᠨ ᠤ ᠤᠶᠤᠨᠲᠤ ᠳᠡᠯᠭᠡᠭᠦᠷ ᠤᠨ ᠲᠥᠷᠥᠯ  ᠵᠦᠢᠯ ᠢᠶᠠᠷ ᠮᠡᠳᠡᠭᠦᠯᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠪᠦᠷᠢᠨ ᠪᠠᠷᠠᠭᠠᠲᠤ ᠳᠡᠯᠭᠡᠭᠦᠷ ᠢ ᠪᠤᠶᠢᠵᠢᠭᠤᠯᠤᠨ ᠣᠶᠤᠨᠴᠢ ᠬᠤᠳᠠᠯᠳᠤᠭᠠᠨ ᠤ ᠲᠣᠭᠤᠷᠢᠭ ᠤᠨ ᠰᠢᠨ᠎ᠡ ᠵᠢᠵᠢᠭᠯᠡᠨ ᠬᠤᠳᠠᠯᠳᠤᠬᠤ ᠵᠠᠭᠪᠤᠷ ᠢ ᠬᠥᠭᠵᠢᠭᠦᠯᠵᠦ᠂ ᠤᠯᠠᠮᠵᠢᠯᠠᠯᠲᠤ ᠬᠤᠳᠠᠯᠳᠤᠭᠠᠨ ᠤ ᠳᠡᠯᠭᠡᠭᠦᠷ ᠤᠨ ᠳᠡᠯᠭᠡᠭᠦᠷ ᠤᠨ ᠲᠣᠭᠠᠴᠢᠯᠠᠭᠰᠠᠨ ᠤᠶᠤᠨᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠪᠠ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ᠃       
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ