4 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠲᠠᠢ ᠨᠢᠭᠲᠠ | ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠵᠢᠭᠤᠯᠴᠢᠯᠠᠯ ᠤᠨ ᠠᠭᠤᠰᠤᠯᠴᠠᠯ᠂ | ᠦᠨᠳᠦᠰᠦᠲᠡᠨ ᠤ ᠪᠦᠯᠬᠦᠮᠳᠡᠯ᠂ ᠨᠠᠮ ᠤᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ | ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠷᠴᠢᠮ ᠢ ᠰᠤᠯᠠᠷᠠᠭᠤᠯᠬᠤ ᠦᠭᠡᠢ᠂ ᠪᠠᠷᠢᠮᠵᠢᠶ᠎ᠠ ᠶᠢ | ᠰᠤᠯᠠᠷᠠᠭᠤᠯᠬᠤ ᠦᠭᠡᠢ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠪᠣᠳᠠᠲᠠᠢ | ᠠᠳᠬᠤᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠣᠳᠣᠬᠠᠨ ᠳᠤ ᠰᠠᠶᠢᠵᠢᠷᠠᠭᠤᠯᠬᠤ ᠪᠠ ᠤᠷᠳᠤ ᠬᠤᠭᠤᠴᠠᠭ᠎ᠠ ᠪᠠᠷ ᠪᠠᠶᠢᠭᠤᠯᠬᠤ ᠶᠢ | ᠰᠠᠶᠢᠲᠤᠷ ᠡᠵᠡᠮᠳᠡᠵᠦ᠂ ᠠᠰᠠᠭᠤᠳᠠᠯ ᠤᠨ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠰᠤᠳᠤᠯᠵᠤ᠂ ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠤᠯᠠᠭᠠᠨᠰᠤᠬᠠᠢ ᠶᠢᠨ ᠰᠠᠪᠠ ᠭᠠᠵᠠᠷ ᠢ ᠶᠡᠷᠦᠩᠬᠡᠶᠢᠯᠡᠨ | ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ ᠲᠡᠮᠡᠴᠡᠨ ᠤᠯᠬᠤ ᠶᠢ ᠴᠢᠩᠭᠠᠳᠬᠠᠵᠤ᠂ ᠲᠦᠷᠦᠯ ᠵᠦᠢᠯ ᠢ | ᠲᠥᠯᠥᠪᠵᠢᠭᠦᠯᠦᠨ ᠨᠥᠭᠡᠴᠡᠯᠡᠬᠦ ᠶᠢ ᠪᠣᠳᠠᠲᠠᠢ ᠠᠳᠬᠤᠵᠤ᠂ ᠬᠠᠷᠢᠭᠤᠴᠠᠯᠭ᠎ᠠ ᠶᠢ ᠲᠤᠭᠤᠰᠢᠲᠠᠢ ᠨᠠᠶᠢᠳᠠᠪᠤᠷᠢᠵᠢᠭᠤᠯᠵᠤ᠂ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠢ ᠰᠢᠭᠤᠢ ᠶᠢᠨ ᠳᠠᠷᠤᠭ᠎ᠠ ᠶᠢᠨ ᠲᠦᠷᠢᠮ᠂ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠶᠠᠨᠨᠠᠭᠤᠷ ᠲᠤ ᠲᠠᠰᠤᠷᠠᠯᠲᠠ ᠦᠭᠡᠢ ᠦᠨᠳᠦᠰᠦᠯᠡᠭᠦᠯᠵᠦ᠂ ᠴᠡᠴᠡᠭᠯᠡᠨ | ᠵᠢᠮᠢᠰᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠠᠨ ᠲᠦᠷᠭᠡᠨ ᠴᠢᠨᠠᠷᠲᠠᠢ ᠮᠤᠵᠢ ᠶᠢᠨ ᠬᠢᠨ ᠬᠠᠳᠤᠨ ᠭᠤᠣᠯ ᠤᠨ ︽ᠬᠡᠳᠦᠨ ᠦᠰᠦᠭ︾ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠪᠠᠷᠢᠮᠲᠠᠯᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠴᠢᠷᠮᠠᠶᠢᠨ ᠪᠤᠢ | ᠪᠣᠯᠭᠠᠬᠤ ᠬᠡᠷᠡᠭᠲᠡᠢ᠃ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠶᠢ ᠴᠢᠩᠭ᠎ᠠ ᠪᠥᠭᠡᠳ ᠲᠦᠷᠭᠡᠨ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ᠂ ᠨᠡᠮᠡᠭᠳᠡᠯ ᠤᠨ | ᠬᠡᠮᠵᠢᠶ᠎ᠡ ᠶᠢ ᠬᠤᠷᠢᠭᠯᠠᠵᠤ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ | ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠤᠲᠤᠭ ᠪᠡᠯᠴᠢᠭᠡᠷ ᠤᠨ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠬᠤᠷᠠᠯ ᠠᠴᠠ ᠨᠢᠭᠡᠳᠦᠮᠡᠯ ᠹᠷᠣᠨᠲ ᠤᠨ ᠠᠵᠢᠯ ᠢ ᠰᠤᠳᠤᠯᠵᠤ᠂ ᠭᠤᠣᠯ ᠱᠤᠭᠤᠮ ᠤᠨ ᠠᠵᠢᠯ ᠢ ᠪᠣᠳᠠᠲᠠᠢ ᠠᠳᠬᠤᠨ ᠨᠠᠷᠢᠨ ᠠᠳᠬᠤᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠭᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠪᠠᠶᠠᠨᠨᠠᠭᠤᠷ ᠤᠨ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |