   
  
2025/5/23
                                                 — 2025 ᠣᠨ ‍ᠣ 1 ᠰᠠᠷ᠎ᠠ ᠶᠢᠨ 8 ‍ᠣ ᠡᠳᠦᠷ  ᠪᠠᠶᠠᠨᠨᠠᠭᠤᠷ ᠬᠣᠲᠠ ᠶᠢᠨ  ᠲᠠᠪᠤᠳᠤᠭᠠᠷ  ᠬᠤᠭᠤᠴᠠᠭᠠᠨ ᠤ    ᠳᠥᠷᠪᠡᠳᠦᠭᠡᠷ ᠬᠤᠷᠠᠯᠳᠤᠭᠠᠨ                      ᠣᠷᠣᠯᠠᠭᠴᠢ       ᠵᠠᠩ ᠬᠤᠨᠭ᠌ ᠹᠦ᠋                                               2024          ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠰᠢᠨᠵᠢᠯᠡᠨ ᠪᠠᠢᠴᠠᠭᠠᠭᠰᠠᠨ ᠯᠤᠲᠤ ᠶᠡᠭᠡ ᠤᠯᠤᠰ ᠲᠥᠷᠥ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠤᠨ ᠡᠷᠡᠯᠬᠡᠭᠯᠡᠨ ᠤᠷᠤᠭᠰᠢᠯᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠷᠢᠨ ᠨᠠᠶᠢᠳᠠᠪᠤᠷᠢᠵᠢᠭᠤᠯᠵᠤ᠂ ︽ᠲᠠᠪᠤᠨ ᠥᠨᠳᠥᠷ ᠲᠠᠪᠤᠨ ᠣᠷᠣᠨ︾  ᠴᠢᠷᠮᠠᠶᠢᠨ ᠪᠥᠲᠥᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠰᠢᠪᠲᠤᠯᠤᠯᠲᠠ ᠲᠠᠢ ᠪᠣᠯᠪᠠ᠃              ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠣᠷᠢᠨ ᠳᠤ᠂  ᠯᠠᠪᠳᠠᠭᠤᠨ ᠢᠶᠠᠷ ᠠᠷᠭᠠᠴᠠᠵᠤ᠂ ᠶᠡᠷᠦᠩᠬᠡᠢᠯᠡᠭᠰᠡᠨ ᠪᠣᠳᠣᠯᠭ᠎ᠠ ᠬᠡᠷᠡᠭᠵᠢᠭᠦᠯᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠵᠤ᠂ ᠲᠣᠭᠲᠠᠭᠤᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠤᠷᠤᠭᠰᠢᠯᠠᠯᠲᠠ ᠶᠢᠨ ᠬᠦᠴᠦᠨ ᠢ ᠦᠷᠭᠦᠯᠵᠢᠯᠡᠨ ᠬᠣᠷᠠᠮᠳᠣᠭᠣᠯᠪᠠ᠃ ᠵᠢᠱᠢᠯᠲᠡ ᠪᠠᠷ ᠪᠦᠬᠦ ᠵᠢᠯ  ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ  5.5% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ  6% ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 20% ᠣᠷᠴᠢᠮ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ 3.5% ᠣᠷᠴᠢᠮ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 7.6% ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠰ ᠲᠣᠰ 6% ᠪᠠ 8% ᠣᠷᠴᠢᠮ ᠨᠡᠮᠡᠭᠳᠡᠪᠡ᠃ ᠴᠢᠬᠤᠯᠠ ᠶᠡᠬᠡ ᠲᠥᠷᠥᠯ ᠵᠦᠢᠯ ᠦᠨ ᠪᠡᠯᠡ ᠣᠷᠣᠭᠤᠯᠤᠯᠲᠠ 456.7 ᠳ᠋ᠦᠩᠰᠢᠭᠤᠷ ᠲᠥᠭᠥᠷᠢᠭ ᠲᠦ ᠬᠦᠷᠴᠦ᠂ 11.9% ᠪᠡᠷ ᠨᠡᠮᠡᠭᠳᠡᠪᠡ᠃  ᠵᠢᠱᠢᠯᠲᠡ ᠪᠡᠷ ᠣᠷᠣᠨ ᠤ ᠭᠠᠳᠠᠨᠠᠬᠢ ᠪᠠᠢᠷᠢᠨ ᠳᠤ ᠣᠷᠣᠭᠰᠠᠨ ᠪᠠᠯᠠ ᠮᠥᠩᠭᠦ  ᠶᠢ 260 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 33% ᠪᠠᠷ ᠨᠡᠮᠡᠭᠳᠡᠭᠦᠯᠦᠨ᠂ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ  3 ᠳ᠋ᠦᠩᠰᠢᠭᠤᠷ ᠲᠥᠭᠦᠷᠢᠭ ᠂ 54.4% ᠪᠠᠷ ᠨᠡᠮᠡᠭᠳᠡᠵᠦ᠂ ᠡᠯ᠎ᠡ ᠵᠦᠢᠯ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠦᠷᠭᠦᠯᠵᠢᠯᠡᠨ ᠳᠡᠭᠡᠭᠰᠢᠯᠡᠪᠡ᠃       ︽ᠵᠢᠷᠭᠤᠭᠠᠨ ᠢᠨᠵᠧᠨᠧᠷᠢᠩ︾ ᠡᠯᠪᠡᠭ ᠦᠷ᠎ᠡ ᠪᠦᠲᠦᠮᠵᠢ ᠤᠯᠪᠠ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠠᠵᠢᠯ  ᠠᠮᠵᠢᠯᠲᠠ ᠳᠡᠭᠦᠯᠳᠡᠷ ᠪᠠᠶᠢᠵᠤ᠂ ᠡᠯ᠎ᠡ ᠲᠦᠷᠦᠯ ᠤᠨ ᠪᠡᠯᠡ ᠮᠥᠩᠭᠦ ᠶᠢ 287.6 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 100 ᠴᠢᠬᠤᠯᠠ ᠶᠡᠭᠡ ᠲᠦᠷᠦᠯ ᠵᠦᠢᠯ ᠢ ᠲᠥᠰᠦᠪᠯᠡᠨ ᠡᠬᠢᠯᠡᠭᠦᠯᠪᠡ᠃ ᠰᠠᠯᠬᠢ ᠭᠡᠷᠡᠯ ᠢᠶᠠᠷ ᠡᠯᠡᠰᠦ ᠶᠢ ᠵᠠᠰᠠᠬᠤ ᠢᠨᠵᠧᠨᠧᠷᠢᠩ ᠤᠨ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ︽ᠤᠮᠠᠷᠠᠲᠤ ᠭᠤᠷᠪᠠᠨ ᠣᠷᠣᠨ ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ 390.6 ᠲᠦᠮᠡᠨ ᠮᠦ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠭᠦᠷᠭᠡ ᠶᠢᠨ 181%  ᠪᠡᠶᠡᠯᠡᠬᠦᠯᠪᠡ᠃ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠪᠠ 21 ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ ᠵᠦᠶᠯ ᠢ ᠪᠥᠬᠦ ᠲᠠᠯ᠎ᠠ ᠪᠠᠷ ᠳᠠᠭᠤᠰᠬᠠᠪᠠ᠃ 19.45 ᠲᠦᠮᠡᠨ ᠡᠷᠦᠬᠡ ᠶᠢᠨ ᠡᠵᠡᠩᠨᠡᠯᠲᠡ ᠶᠢᠨ ᠭᠤᠤᠯ ᠴᠣᠭᠴᠠ ᠳ᠋ᠣ᠋ ᠴᠥᠮ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ 12 ᠵᠦᠶᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠴᠢᠨᠠᠷ ᠢ ᠬᠢᠨᠠᠨ ᠬᠡᠮᠵᠢᠬᠦ ᠭᠦᠶᠴᠡᠳᠬᠡᠯ ᠲᠤᠭ᠎ᠠ ᠪᠥᠬᠦ ᠣᠷᠣᠨ ᠤ ᠲᠡᠷᠢᠭᠦᠨ ᠳᠤ ᠣᠷᠣᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠲᠥᠷᠥᠯ ᠵᠦᠢᠯ ᠢ 10 ᠬᠡᠷᠡᠭᠵᠢᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 20.6% ᠪᠠᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 9 ᠶᠢ ᠰᠢᠨ᠎ᠡ ᠪᠠᠷ ᠨᠡᠮᠡᠭᠳᠡᠭᠦᠯᠵᠦ᠂ 21 ᠰᠢᠨ᠎ᠡ ᠡᠭᠦᠯᠳᠡᠷ ᠢ ᠪᠤᠶᠢᠵᠢᠭᠤᠯᠵᠤ᠂ ᠬᠤᠸᠠ ᠮᠧᠩ ᠠᠯᠠᠰᠢᠨ ᠬᠤᠨᠢ ᠪᠠ ᠡᠷᠳᠡᠨᠢ ᠰᠢᠰᠢ ᠶᠢᠨ ᠤᠰᠤ ᠪᠣᠷᠲᠣᠭᠤᠷ ᠬᠠᠮᠵᠢᠯᠴᠠᠨ ᠪᠦᠷᠬᠦᠪᠴᠢ  ᠶᠢ  ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠲᠣᠨᠤᠭ ᠲᠥᠬᠦᠭᠡᠷᠦᠮᠵᠢ ᠨᠢ ᠳᠤᠮᠳᠠᠳᠤ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠳᠤ ᠰᠣᠩᠭᠤᠭᠳᠠᠪᠠ᠃ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠲᠠᠢ ᠢᠳᠡᠪᠬᠢᠲᠡᠶ ᠠᠭᠤᠰᠤᠯᠴᠠᠵᠤ᠂ ᠪᠥᠬᠦ ᠤᠯᠤᠰ ᠲᠤ ᠠᠩᠬ᠎ᠠ ᠤᠳᠠᠭ᠎ᠠ AGV ᠵᠢᠯᠣᠭᠤᠴᠢ ᠥᠬᠡᠶ ᠲᠡᠭᠡᠭᠡᠪᠦᠷᠢ ᠶᠢᠨ ᠵᠠᠮ ᠢ ᠪᠥᠬᠦ ᠱᠤᠭᠤᠮ ᠢᠶᠠᠷ ᠨᠡᠪᠲᠡᠷᠡᠭᠦᠯᠵᠦ᠂ ᠪᠣᠭᠤᠮᠲᠠ ᠪᠠᠷ ᠨᠡᠪᠲᠡᠷᠡᠭᠰᠡᠨ ᠪᠠᠷᠠᠭᠠᠨ  ᠦ ᠬᠡᠮᠵᠢᠶ᠎ᠡ 4000 ᠲᠦᠮᠡᠨ ᠲᠣᠨ ᠢ ᠳᠠᠪᠠᠵᠤ᠂ ᠪᠥᠬᠦ ᠣᠷᠣᠨ ᠤ 1/3 ᠶᠢ ᠡᠵᠡᠯᠡᠪᠡ︔ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 440 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ  1/4 ᠣᠷᠴᠢᠮ ᠢ ᠡᠵᠡᠯᠡᠵᠦ᠂ ᠪᠥᠬᠦ ᠣᠷᠣᠨ ᠤ ᠨᠢᠭᠡᠳᠦᠭᠡᠷ ᠲᠤ ᠲᠣᠭᠲᠠᠭᠤᠨ ᠪᠠᠢᠷᠢᠯᠠᠪᠠ᠃      ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ 58.7 ᠳ᠋ᠦᠩᠰᠢᠭᠤᠷ ᠵᠢᠩ ᠳᠤ ᠬᠦᠷᠴᠦ᠂ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠲᠥᠮᠥᠰᠥ  ᠪᠦᠬᠦ ᠣᠷᠣᠨ ᠤ ᠨᠢᠭᠡᠴᠢ ᠤᠨᠠᠯᠲᠠ ᠶᠢᠨ ᠲᠡᠮᠳᠡᠭᠯᠡᠯ ᠢ ᠰᠢᠨᠡᠳᠬᠡᠵᠦ᠂  ᠮᠢᠬ᠎ᠠ ᠰᠦ ᠶᠢᠨ ᠭᠠᠷᠤᠯᠲᠠ ᠲᠣᠰ ᠲᠣᠰ 7.6%᠂ 16.4%  ᠪᠡᠷ ᠨᠡᠮᠡᠭᠳᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 136.5 ᠲᠦᠮᠡᠨ ᠮᠦ ᠪᠠᠶᠢᠭᠤᠯᠵᠤ᠂ 12.2 ᠲᠦᠮᠡᠨ ᠮᠦ ᠬᠤᠵᠢᠷᠯᠢᠭ ᠭᠠᠵᠠᠷ ᠢ ᠵᠠᠰᠠᠵᠤ᠂ ᠪᠦᠬᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠤᠨ ᠬᠤᠷᠠᠯ ᠢ ᠳᠠᠭᠠᠭᠠᠨ ᠡᠷᠬᠢᠯᠡᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠪᠦᠬᠦ ᠤᠯᠤᠰ ᠲᠤ  ᠳᠡᠯᠭᠡᠷᠡᠭᠦᠯᠪᠡ᠃ ︽ᠲᠡᠭᠷᠢ ᠶᠢᠨ ᠬᠡᠰᠢᠭᠲᠦ ᠪᠣᠷᠣᠲᠣᠬᠤᠶ︾  ᠨᠠᠷᠠᠲᠤ ᠲᠡᠮᠳᠡᠭ ᠦᠨ ᠳᠠᠶᠢᠴᠢᠯᠠᠬᠤ ᠬᠦᠴᠦᠨ ᠢ ᠦᠷᠭᠦᠯᠵᠢᠯᠡᠨ ᠢᠯᠡᠷᠡᠭᠦᠯᠵᠦ᠂ 600 ᠭᠠᠷᠤᠶ  ᠵᠦᠢᠯ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠳᠤ ᠲᠦᠰᠢᠭᠯᠡᠨ ︽ ᠠᠷᠣ ᠭᠠᠵᠠᠷ ᠡᠴᠡ ᠪᠡᠭᠡᠵᠢᠩ ᠳᠤ ᠣᠷᠣᠭᠣᠯᠵᠤ︾᠂ 70 ᠳ᠋ᠦᠩᠰᠢᠭᠤᠷ ᠲᠥᠭᠦᠷᠢᠭ ᠤᠨ ᠥᠷᠲᠡᠭ ᠪᠥᠬᠦᠶ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠪᠣᠷᠣᠯᠠᠭᠤᠯᠪᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠤ ᠳᠠᠭᠠᠤ ᠳᠤ ᠴᠢᠨᠠᠷ ᠢ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 25 ᠰᠢᠨ᠎ᠡ ᠪᠠᠷ ᠨᠡᠮᠡᠭᠳᠡᠵᠦ ᠂ ᠯᠢᠶᠠᠨ ᠪᠠᠩ  ᠡᠮ ᠦᠢᠯᠡᠳᠬᠦ ᠶᠢᠨ ᠠᠨ ᠪᠢᠶᠠᠨ ᠰᠢ ᠯᠢᠨ ᠂ ᠪᠠᠷᠠᠭᠤᠨ ᠣᠷᠣᠨ ᠤ ᠵᠡᠰ ᠮᠠᠲ᠋ᠧᠷᠢᠶᠠᠯ  ᠤᠨ ᠴᠠᠬᠢᠯᠭᠠᠨ ᠵᠠᠳᠠᠯᠤᠯᠲᠠ ᠶᠢᠨ ᠵᠡᠰ᠂ ᠵᠢᠩ ᠤᠣ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠪᠠᠶᠠᠨ ᠴᠢᠯᠠᠭᠤᠨ ᠲᠣᠰᠣᠨ ᠤ᠋ ᠠᠢ ᠰᠠᠪᠠ ᠶ᠋ᠢᠨ ᠲᠦᠭᠦᠬᠡᠢ ᠲᠣᠰᠣᠨ ᠤ ᠵᠢᠯ ᠦ᠋ᠨ ᠭᠠᠷᠤᠯᠲᠠ ᠵᠠᠭᠤᠨ ᠲᠦᠮᠡᠨ ᠲᠤᠨ ᠢ᠋ ᠳᠠᠪᠠᠵᠤ ᠂ ᠤᠯᠤᠰ ᠤ᠋ᠨ ᠳᠣᠲᠣᠭᠠᠳᠤ ᠶ᠋ᠢᠨ ᠠᠩᠬᠠᠳᠠᠭᠴᠢ ᠤᠰᠤᠳᠦ᠋ᠷᠦᠭᠴᠢ ᠬᠣᠯᠢᠵᠤ ᠪᠣᠯᠬᠤ ᠪᠤᠭᠤᠲᠤ ᠡᠴᠡ ᠯᠢᠨ ᠾᠸ ᠬᠦᠷᠬᠦ  ᠥᠨᠳᠥᠷ ᠬᠦᠴᠦᠳᠡᠯᠲᠦ ᠤᠷᠲᠤ ᠳᠠᠮᠵᠢᠭᠤᠯᠬᠤ ᠬᠣᠭᠣᠯᠠᠢ ᠪᠠᠷᠢᠯᠭ᠎ᠠ ᠳᠠᠭᠤᠰᠴᠤ ᠠᠰᠢᠭᠯᠠᠯᠲᠠ ᠳ᠋ᠤ᠌ ᠣᠷᠣᠪᠠ ᠃ 1033.8 ᠲᠦᠮᠡᠨ ᠺᠢᠯᠤᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠰᠦᠵᠢ ᠡᠯᠡᠰᠦᠷᠬᠡᠭ ᠭᠠᠵᠠᠷ ᠤᠨ ᠭᠡᠷᠡᠯ ᠴᠡᠨᠡᠭ ᠢᠶᠡᠷ ᠡᠯᠡᠰᠦ ᠶᠢ ᠵᠠᠰᠠᠬᠤ ᠰᠠᠭᠤᠷᠢᠨ ᠭᠠᠵᠠᠷ ᠢ ᠲᠦᠷᠭᠡᠪᠴᠢᠯᠡᠨ ᠪᠦᠲᠦᠭᠡᠨ ᠪᠠᠢᠭᠤᠯᠵᠤ᠂ ᠤᠯᠠᠭᠠᠨᠪᠤᠬ᠎ᠠ ᠶᠢᠨ ᠵᠡᠭᠦᠨ ᠬᠣᠢᠲᠤ ᠣᠷᠣᠨ ᠤ  ᠰᠢᠨ᠎ᠡ ᠡᠨᠧᠷᠭᠢ ᠶᠢᠨ  ᠶᠡᠬᠡ ᠰᠠᠭᠤᠷᠢᠨ ᠭᠠᠵᠠᠷ ᠠᠩᠬ᠎ᠠ ᠠᠯᠬᠤᠮ ᠬᠡᠪᠴᠢᠶᠡᠵᠢᠪᠡ᠃ ᠴᠡᠪᠡᠷ ᠡᠨᠧᠷᠭᠢ᠂ ᠲᠣᠨᠣᠭᠯᠠᠯ ᠦᠢᠯᠡᠳᠬᠦ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠦᠨ ᠨᠡᠮᠡᠭᠳᠡᠯ ᠥᠷᠲᠡᠭ ᠲᠤᠰ ᠲᠤᠰ 24%᠂ 23%᠂ 12%᠂ 6% ᠪᠠᠷ ᠨᠡᠮᠡᠭᠳᠡᠪᠡ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ︽ᠬᠤᠶᠠᠷ ᠰᠢᠨ᠎ᠡ︾  ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠨᠢ ᠢᠯᠡᠷᠡᠨ ᠬᠦᠴᠦᠯᠡᠵᠦ᠂ ᠲᠥᠬᠦᠭᠡᠷᠦᠮᠵᠢ ᠶᠢᠨ ᠰᠢᠨᠡᠴᠢᠯᠡᠯᠲᠡ ᠶᠢ 7.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠭᠤᠴᠢᠨ ᠢᠶᠠᠷ ᠰᠢᠨ᠎ᠡ ᠶᠢ ᠰᠣᠯᠢᠬᠣ ᠠᠵᠢᠯᠯᠠᠭ᠎ᠠ ᠨᠢ ᠬᠡᠷᠡᠭᠯᠡᠭᠡ ᠶᠢ 11.9 ᠳ᠋ᠦᠩᠰᠢᠭᠤᠷ ᠲᠥᠭᠦᠷᠢᠭ ᠳᠠᠶᠢᠴᠢᠯᠠᠪᠠ᠃ ︽ ᠮᠣᠨᠠ ᠠᠭᠤᠯᠠ ᠶᠢ ᠲᠣᠭᠣᠯᠣᠶ᠎ᠠ︾ ᠪᠥᠬᠦ ᠤᠯᠤᠰ ᠤᠨ ᠥᠪᠡᠰᠦᠪᠡᠨ ᠲᠡᠷᠭᠡ ᠵᠢᠯᠣᠭᠤᠳᠬᠤ ᠠᠷᠪᠠᠨ ᠶᠡᠭᠡ ᠵᠢᠭᠤᠯᠴᠢᠯᠠᠯ ᠤᠨ ᠱᠤᠭᠤᠮ ᠳᠤ ᠰᠣᠩᠭᠤᠭᠳᠠᠵᠤ᠂ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ ᠭᠥᠯᠢᠶᠡᠨ ᠠᠪᠤᠭᠰᠠᠨ ᠬᠥᠮᠦᠨ ᠤᠳᠠᠭ᠎ᠠ ᠪᠠ ᠵᠢᠭᠤᠯᠴᠢᠯᠠᠯ ᠤᠨ ᠣᠷᠣᠯᠭ᠎ᠠ ᠲᠣᠰ ᠲᠣᠰ 96.6% ᠪᠠ 91.9%  ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠲᠡᠷᠢᠭᠦᠨ ᠳᠤ ᠣᠷᠣᠪᠠ᠃      ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ  ᠨᠢ ᠢᠯᠡᠳᠲᠡ ᠦᠷ᠎ᠡ ᠪᠦᠲᠦᠮᠵᠢ ᠣᠯᠪᠠ᠃ ᠠᠵᠤ ᠠᠬᠤᠢ ᠪᠠ ᠠᠮᠢ ᠠᠬᠤᠢ ᠶᠢᠨ ᠪᠣᠯᠪᠠᠰᠤᠨ ᠤ ᠪᠠᠢᠭᠤᠯᠤᠮᠵᠢ ᠶᠢᠨ ᠬᠦᠷᠢᠶᠡᠨ ᠳᠠᠬᠢ 126 ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠪᠠ᠃ 123 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ ᠭᠦᠢᠴᠡᠳᠬᠡᠬᠦ ᠶᠠᠪᠤᠴᠠ ᠶᠢ ᠴᠣᠮᠬᠠᠳᠬᠠᠨ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠨᠢᠭᠡ ᠺᠣᠳ᠋ ᠢᠶᠡᠷ ᠨᠡᠪᠲᠡᠷᠡᠭᠦ︾ ᠰᠦᠯᠵᠢᠶᠡᠨ ᠳᠤ ᠣᠷᠣᠭᠤᠯᠤᠨ ᠳᠡᠯᠭᠡᠷᠡᠭᠦᠯᠵᠦ᠂ 22 ︽ᠨᠢᠭᠡ ᠠᠵᠢᠯ  ᠶᠠᠪᠤᠳᠠᠯ︾  ᠭᠦᠢᠴᠡᠳᠬᠡᠬᠦ ᠦᠷ᠎ᠡ ᠪᠦᠲᠦᠮᠵᠢ ᠶᠢ 67% ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠨᠣᠷᠮ᠎ᠠ 97%  ᠳᠦ ᠬᠦᠷᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠢᠴᠢ ᠭᠠᠶᠢᠯᠢ ᠪᠤᠴᠠᠭᠠᠯᠲᠠ 13.4 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ  3.4 ᠲᠦᠮᠡᠨ ᠡᠷᠦᠬᠡ ᠰᠢᠨ᠎ᠡ ᠪᠠᠷ ᠨᠡᠮᠡᠭᠳᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ︽ᠪᠦᠰᠡᠯᠡᠯᠲᠡ ᠶᠢ ᠰᠢᠪᠲᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠤᠲᠠ ᠶᠢᠨ ᠬᠠᠷᠢᠶ᠎ᠠ 5 ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠢᠯᠢᠳᠡᠭᠵᠢᠭᠦᠯᠦᠨ ᠳᠠᠬᠢᠨ ᠪᠠᠶᠢᠭᠤᠯᠵᠤ᠂ ᠥᠪᠡᠷ ᠢᠶᠠᠨ ᠠᠵᠢᠯᠯᠠᠬᠤ᠂ ᠬᠠᠮᠲᠤᠷᠠᠨ ᠠᠵᠢᠯᠯᠠᠬᠤ᠂ ᠬᠤᠪᠢ ᠣᠷᠣᠭᠣᠯᠵᠣ ᠠᠵᠢᠯᠯᠠᠬᠤ ᠪᠡᠷ ᠳᠠᠮᠵᠢᠭᠤᠯᠤᠨ ᠂ ᠲᠤᠬᠠᠶᠢᠯᠠᠭᠰᠠᠨ ᠠᠵᠢᠯ ᠢᠶᠠᠨ 13 ᠮᠤᠵᠢ ᠣᠷᠣᠨ ᠬᠦᠷᠲᠡᠯ᠎ᠡ ᠥᠷᠭᠡᠳᠬᠡᠵᠦ᠂ ᠵᠢᠱᠢᠯᠲᠡ ᠪᠠᠷ ᠡᠵᠡᠩᠨᠡᠯᠲᠡ ᠶᠢᠨ ᠶᠡᠷᠦᠩᠬᠡᠶ ᠣᠷᠣᠯᠭ᠎ᠠ 44.1 ᠳ᠋ᠦᠩᠰᠢᠭᠤᠷ ᠲᠥᠭᠦᠷᠢᠭ ᠲᠤ ᠬᠦᠷᠴᠦ᠂ 61.5 % ᠪᠠᠷ ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 2.66 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ 4 ᠳᠠᠬᠢᠨ ᠨᠡᠮᠡᠭᠳᠡᠵᠦ᠂ 2000 ᠲᠦᠮᠡᠨ ᠲᠥᠭᠦᠷᠢᠭ ᠤᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠨᠡᠶᠢᠲᠡ ᠶᠢᠨ ᠠᠰᠠᠷᠠᠮᠵᠢ ᠶᠢᠨ ᠦᠢᠯᠡᠰ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠳᠡᠮᠵᠢᠬᠦ ᠳᠤ ᠬᠡᠷᠡᠭᠯᠡᠪᠡ᠃ ᠦᠶᠤᠸᠠ ᠰᠢᠶᠠᠨ ᠤ᠋ ᠬᠥᠳᠡᠭᠡ ᠲᠣᠰᠬᠣᠨ ᠤ᠋ ᠬᠠᠮᠲᠤ ᠶ᠋ᠢᠨ ᠡᠵᠡᠩᠨᠡᠯᠲᠡ ᠶ᠋ᠢᠨ ᠴᠢᠨᠠᠷᠲᠠᠢ ᠪᠦᠲᠦᠭᠡᠨ ᠪᠠᠢᠭᠤᠯᠤᠯᠲᠠ ᠳ᠋ᠤ᠌ ᠬᠡᠷᠡᠭᠯᠡᠬᠦ ᠭᠠᠵᠠᠷ ᠤ᠋ᠨ ᠵᠠᠬ᠎ᠠ ᠳᠡᠯᠭᠡᠭᠦᠷ ᠲᠦ᠍ ᠣᠷᠣᠭᠰᠠᠨ ᠬᠡᠷᠡᠭ ᠦ᠋ᠨ ᠵᠢᠱ᠌ᠢᠶ᠎ᠡ ᠨᠢ ᠪᠦᠬᠦ ᠤᠯᠤᠰ ᠤ᠋ᠨ ᠨᠡᠢᠲᠡᠯᠢᠭ ᠵᠢᠱ᠌ᠢᠶ᠎ᠡ ᠪᠣᠯᠵᠠᠢ᠃ ᠬᠠᠩᠭᠢᠨ ᠬᠤᠶᠢᠲᠤ ᠬᠤᠰᠢᠭᠤᠨ ᠤ ︽ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠰᠢᠨ᠎ᠡ ᠶᠢ ᠡᠭᠦᠳᠦᠭᠰᠡᠨ ᠵᠠᠭᠪᠤᠷ ︾ ᠨᠢ ᠳᠤᠮᠳᠠᠳᠤ ᠤᠯᠤᠰ ᠤᠨ ᠥᠭᠡᠷᠡᠴᠢᠯᠡᠯᠲᠡ ᠶᠢᠨ 2024 ᠣᠨ ᠤ ᠰᠢᠶᠠᠨ ᠤ ᠬᠡᠪᠴᠢᠶᠡᠨ ᠤ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃      ᠪᠣᠬᠢᠷᠳᠣᠯ ᠦᠬᠡᠢ ᠦᠨᠳᠣᠰᠣ ᠰᠠᠭᠣᠷᠢ ᠡᠳᠦᠷ ᠢᠷᠡᠬᠦᠶ᠎ᠡ ᠵᠤᠵᠠᠭᠠᠷᠠᠪᠠ ᠃ ᠬᠠᠲᠤᠨ ᠭᠤᠤᠯ ᠤᠨ ︽ ᠲᠣᠬᠣᠢ ᠬᠡᠰᠡᠭ ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ 6 ᠪᠥᠬᠦ ᠤᠯᠤᠰ ᠤᠨ ᠵᠢᠱᠢᠶ᠎ᠡ ᠦᠵᠡᠭᠦᠯᠬᠦ  ᠣᠢ ᠰᠢᠭᠣᠢ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ︽ᠳ᠋ᠧᠩᠺᠸᠤ ᠶᠢᠨ ᠵᠠᠭᠪᠤᠷ︾  ᠡᠯᠡᠰᠦ ᠶᠢ ᠵᠠᠰᠠᠭᠰᠠᠨ ᠬᠥᠮᠦᠰ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠬᠢᠯᠢ ᠶᠢᠨ ᠵᠢᠱᠢᠶᠡᠴᠢ︾  ᠢᠷᠠᠭᠤ ᠠᠯᠳᠠᠷ ᠢ ᠭᠥᠷᠳᠡᠵᠦ᠂ ᠪᠥᠬᠦ ᠤᠯᠤᠰ ᠤᠨ ᠬᠠᠲᠤᠨ ᠭᠤᠤᠯ ᠤᠨ ︽ ᠲᠣᠬᠣᠢ ᠬᠡᠰᠡᠭ ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠰᠬᠠᠶ ᠰᠡᠳᠦᠪᠲᠦ ᠶᠠᠷᠢᠯᠴᠠᠬᠤ ᠬᠤᠷᠠᠯ ᠢ ᠳᠠᠭᠠᠭᠠᠨ ᠡᠷᠭᠢᠯᠡᠪᠡ᠃ ᠤᠯᠠᠭᠠᠨᠰᠤᠬᠠᠢ ᠨᠠᠭᠤᠷ ᠤᠨ ᠣᠷᠣᠨ ᠤ ᠤᠰᠤᠨ ᠤ ᠴᠢᠨᠠᠷ ᠢ ᠪᠦᠬᠦᠯᠢ ᠴᠣᠭᠴᠠ ᠶᠢᠨ V ᠲᠥᠷᠥᠯ ᠪᠣᠯᠣᠨ ᠬᠡᠰᠡᠭ  ᠤᠨ IV ᠲᠥᠷᠥᠯ ᠢ ᠪᠠᠲᠤᠯᠠᠵᠤ᠂ ᠤᠰᠤᠨ ᠤ ᠤᠷᠭᠤᠮᠠᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ ᠨᠢ ᠤᠯᠤᠰ ᠤᠨ ᠬᠤᠶᠠᠳᠤᠭᠠᠷ ᠪᠦᠯᠦᠭ ᠤᠨ ᠠᠭᠤᠯᠠ ᠤᠰᠤᠨ ᠤ ᠢᠨᠵᠧᠨᠧᠷᠢᠩ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾  ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠂ ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠭᠤᠤᠯ ᠴᠣᠭᠴᠠ ᠶᠢᠨ ᠠᠵᠢᠯ ᠢ ᠳᠠᠭᠤᠰᠬᠠᠵᠤ᠂  ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ 101 ᠲᠦᠮᠡᠨ ᠮᠥ ᠰᠢᠨ᠎ᠡ ᠪᠠᠷ ᠪᠠᠢᠭᠤᠯᠵᠤ᠂ ᠤᠰᠤ ᠠᠷᠪᠢᠯᠠᠬᠤ ᠴᠢᠳᠠᠮᠵᠢ ᠶᠢ 1.46 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠭᠦᠯᠵᠦ᠂ ᠪᠥᠬᠦ ᠤᠯᠤᠰ ᠤᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠶᠢᠨ ᠲᠠᠯᠠᠪᠠᠶ ᠶᠢᠨ ᠬᠤᠷᠠᠯ ᠢ ᠳᠠᠭᠠᠭᠠᠨ ᠡᠷᠬᠢᠯᠡᠪᠡ᠃ ︽3 ᠵᠠᠭᠪᠤᠷ᠂ 10 ᠵᠦᠢᠯ ᠤᠨ ᠠᠷᠭ᠎ᠠ︾  ᠪᠡᠷ ᠨᠤᠲᠤᠭ ᠪᠡᠯᠴᠢᠭᠡᠷ ᠦᠨ ᠳᠠᠭᠠᠭᠠᠴᠠ  ᠡᠴᠡ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠦᠪᠡᠭᠴᠢᠯᠡᠨ ᠰᠢᠢᠳᠪᠦᠷᠢᠯᠡᠵᠦ ᠂ ᠪᠦᠬᠦ ᠬᠤᠲᠠ ᠶᠢᠨ  ᠨᠤᠲᠤᠭ ᠪᠡᠯᠴᠢᠭᠡᠷ ᠦᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠦᠨᠳᠦᠰᠦᠨ ᠳᠡᠭᠡᠨ ᠪᠡᠶᠡᠯᠡᠬᠦᠯᠪᠡ᠃ ᠣᠷᠴᠢᠨ ᠲᠣᠭᠤᠷᠢᠨ ᠤ ᠠᠭᠠᠷ ᠤᠨ ᠴᠢᠨᠠᠷ 7 ᠵᠢᠯ ᠳᠠᠷᠠᠭᠠᠯᠠᠨ ᠤᠯᠤᠰ ᠤᠨ ᠬᠤᠶᠠᠳᠤᠭᠠᠷ ᠳᠡᠰ ᠤᠨ ᠪᠠᠷᠢᠮᠵᠢᠶ᠎ᠠ ᠶᠢ ᠪᠠᠲᠤᠯᠠᠵᠤ᠂ ᠭᠠᠵᠠᠷ ᠳᠡᠭᠡᠷᠡᠬᠢ ᠤᠰᠤᠨ ᠤ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶᠠᠨ ᠳᠤ ᠬᠦᠷᠴᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠮᠦ ᠪᠦᠷᠢ ᠶᠢᠨ ᠬᠡᠷᠡᠭᠯᠡᠬᠦ ᠬᠡᠮᠵᠢᠶ᠎ᠡ ᠦᠷᠭᠦᠯᠵᠢᠯᠡᠨ ᠪᠠᠭᠤᠷᠠᠪᠠ᠃      ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠬᠦᠴᠦᠲᠡᠢ ᠪᠣᠯᠪᠠ᠃ 70% ᠠᠴᠠ ᠳᠡᠭᠡᠭᠰᠢᠬᠢ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠳᠤ ᠬᠡᠷᠡᠭᠯᠡᠵᠦ᠂ 30 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠬᠦᠯᠪᠡ᠃ ᠵᠣᠯᠭᠠᠭᠤᠯᠤᠭᠰᠠᠨ ᠪᠡᠯᠡ ᠮᠥᠩᠭᠦ ᠶᠢᠨ 4.55 ᠳ᠋ᠦᠩᠰᠢᠭᠤᠷ ᠲᠥᠭᠦᠷᠢᠭ ᠢ ᠠᠰᠢᠭᠯᠠᠨ ᠠᠵᠤ ᠦᠢᠯᠡᠰᠵᠢᠭᠰᠡᠨ 226 ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ᠃ 6.83 ᠳ᠋ᠦᠩᠰᠢᠭᠤᠷ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠲᠠᠷᠬᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠡᠷᠦᠬᠡ᠂ ᠥᠨᠥᠴᠢᠨ ᠬᠡᠤᠬᠡᠳ᠂ ᠵᠡᠮᠳᠡᠭᠴᠦᠳ ᠵᠡᠷᠭᠡ ᠣᠨᠴᠠᠭᠠᠶ ᠬᠥᠮᠦᠰ ᠢ 20 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠤᠯᠤᠰ ᠤᠨ ᠬᠡᠷ ᠲᠡᠭᠡᠨ ᠨᠠᠰᠤᠵᠢᠯ ᠤᠨ ᠠᠰᠠᠷᠠᠮᠵᠢ ᠬᠦᠷᠲᠡᠬᠦ ᠪᠠ ᠨᠡᠶᠢᠭᠡᠮ ᠲᠣᠭᠤᠷᠢᠭ  ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠳᠡᠭᠡᠭᠰᠢᠯᠡᠭᠦᠯᠬᠦ ᠠᠵᠢᠯᠯᠠᠭᠠᠨ ᠤ ᠲᠥᠷᠥᠯ ᠵᠦᠢᠯ ᠵᠥᠪᠰᠢᠶᠡᠷᠡᠭᠳᠡᠵᠦ᠂ ᠤᠯᠤᠰ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠣᠷᠣᠨ ᠪᠦᠰᠡ ᠶᠢᠨ ᠴᠢᠨᠠᠷᠲᠠᠶ ᠭᠣᠣᠯᠯᠠᠬᠤ ᠲᠤᠷᠰᠢᠯᠲᠠ ᠶᠢᠨ ᠴᠡᠭ ᠢᠶᠠᠷ ᠰᠣᠩᠭᠤᠭᠳᠠᠪᠠ᠃ 24670 ᠢᠵᠢ ᠪᠠᠲᠣᠯᠭᠠᠲᠣ ᠣᠷᠣᠨ ᠰᠠᠭᠣᠴᠠ ᠶᠢᠨ ᠠᠰᠠᠷ ᠢ ᠪᠦᠬᠦᠨ ᠢ ᠲᠤᠰᠢᠶᠠᠨ ᠥᠭᠴᠦ ᠂ 98 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠪᠠ᠃ ᠲᠦᠷᠭᠡᠨ ᠦ ᠲᠡᠮᠦᠷ ᠵᠠᠮ ᠤᠨ ᠪᠠᠶᠠᠨᠨᠠᠭᠤᠷ ᠥᠷᠲᠡᠭᠡ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ ᠂  G0616 ᠭᠠᠭᠴᠠᠮᠤᠳᠤ ᠠᠴᠠ ᠬᠠᠯᠢᠭᠤᠲᠤ ᠬᠦᠷᠬᠦ ᠬᠡᠰᠡᠭ᠂ ᠪᠣᠷᠣᠲᠣᠬᠤᠶ ᠶᠢᠨ ᠳᠣᠲᠤᠷ᠎ᠠ ᠭᠠᠵᠠᠷ ᠢ ᠬᠦᠨᠳᠡᠯᠡᠭᠰᠡᠨ ᠬᠠᠶ ᠸᠠᠩ ᠵᠠᠮ ᠨᠢ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠮᠠᠯᠵᠢᠬᠤ ᠲᠠᠷᠢᠶᠠᠯᠠᠬᠤ ᠣᠷᠣᠨ ᠤ 611 ᠺᠢᠯᠣᠮᠧᠲᠷ ᠤᠨ ᠵᠠᠰᠠᠮᠠᠯ ᠵᠠᠮ ᠢ ᠰᠢᠨ᠎ᠡ ᠪᠠᠷ ᠵᠠᠰᠠᠵᠤ᠂ ᠵᠠᠰᠠᠮᠠᠯ ᠵᠠᠮ ᠤᠨ ᠪᠠᠯᠠ ᠣᠷᠣᠭᠤᠯᠤᠯᠲᠠ ᠨᠢ ᠪᠥᠬᠦ ᠣᠷᠣᠨ ᠤ ᠲᠡᠷᠢᠭᠦᠨ ᠳᠤ ᠣᠷᠣᠪᠠ᠃ ᠪᠠᠶᠠᠨᠨᠠᠭᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠵᠥᠪᠰᠢᠶᠡᠷᠡᠭᠳᠡᠨ ᠪᠡᠯᠡᠳᠬᠡᠨ ᠪᠠᠢᠭᠤᠯᠤᠭᠳᠠᠵᠤ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ 4 ᠶᠢ ᠪᠠᠢᠭᠤᠯᠵᠤ᠂ 4020 ᠡᠷᠳᠡᠮ ᠤᠨ ᠴᠣᠯᠠ ᠰᠢᠨ᠎ᠡ ᠪᠠᠷ ᠨᠡᠮᠡᠭᠳᠡᠵᠦ ᠂ 1 ᠪᠠᠭᠰᠢ ᠪᠥᠬᠦ ᠤᠯᠤᠰ ᠤᠨ ᠵᠢᠭᠠᠨ ᠰᠤᠷᠭᠠᠵᠤ ᠬᠦᠮᠦᠵᠢᠭᠦᠯᠦᠭᠰᠡᠨ ᠵᠢᠱᠢᠶᠡᠴᠢ  ᠶᠢᠨ ᠴᠣᠯᠠ ᠭᠥᠷᠳᠡᠪᠡ᠃ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠪᠠᠶᠢᠭᠤᠯᠤᠭᠳᠠᠵᠤ᠂ 13 ᠡᠮᠨᠡᠯᠭᠡ ᠶᠢᠨ ᠬᠤᠷᠢᠶ᠎ᠠ ᠨᠢ ᠹᠦ᠋ ᠸᠠᠢ᠂ ᠠᠨ ᠵᠧᠨ ᠵᠡᠷᠭᠡ 30 ᠭᠠᠷᠤᠶ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠣᠯᠠᠨ ᠲᠦᠮᠡᠨ ᠡᠪᠡᠳᠴᠢᠨ ᠦᠵᠡᠭᠦᠯᠬᠦ ᠳᠤ ᠨᠠᠩ ᠲᠥᠬᠦᠮ ᠪᠣᠯᠪᠠ᠃ 《ᠰᠠᠭᠯᠠᠭᠠᠷ ᠮᠣᠳᠣ》 ᠂ 《 ᠤᠯᠠᠭᠠᠰᠤᠬᠠᠢ》 ᠵᠡᠷᠭᠡ ᠤᠭ ᠪᠦᠲᠦᠭᠡᠯ ᠵᠠᠯᠭᠠᠭ᠎ᠠ ᠪᠠᠷ ᠦᠵᠡᠭᠴᠢᠳ ᠲᠠᠢ ᠵᠣᠯᠭᠠᠵᠤ ᠂ ᠭᠡᠷᠡᠯ ᠵᠢᠷᠤᠭ ᠤᠷᠠᠨ ᠪᠢᠴᠢᠯᠭᠡ ᠤᠷᠠᠨ ᠵᠢᠷᠤᠭ ᠤ᠋ᠨ ᠦᠵᠡᠰᠭᠦᠯᠡᠩ ᠂ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠬᠠᠳᠠᠨ ᠰᠡᠢᠯᠦᠮᠡᠯ ᠦ᠋ᠨ ᠦᠵᠡᠰᠭᠦᠯᠡᠩ ᠂ ᠰᠣᠶᠣᠯ ᠤᠷᠠᠯᠢᠭ ᠤ᠋ᠨ ᠪᠠᠶᠠᠷ ᠵᠡᠷᠭᠡ ᠠᠵᠢᠯᠯᠠᠭ᠎ᠠ  ᠨᠢ ᠭᠡᠷᠡᠯ ᠭᠢᠯᠪᠠᠭ᠎ᠠ ᠪᠠᠨ ᠰᠠᠴᠤᠷᠠᠭᠤᠯᠪᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ  ᠢ  ᠭᠦᠨᠵᠡᠭᠡᠢᠷᠡᠭᠦᠯᠦᠨ ᠪᠤᠳᠠᠳᠠᠢᠵᠢᠭᠤᠯᠵᠤ᠂ 1 ᠬᠠᠮᠲᠤ ᠨᠡᠢᠲᠡ ᠪᠠ 2 ᠬᠤᠪᠢ ᠬᠥᠮᠦᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠪᠠᠷ ᠦᠨᠡᠯᠡᠭᠳᠡᠵᠦ᠂ ᠤᠷᠠᠳ ᠤᠨ ᠳᠤᠮᠳᠠᠳᠤ ᠬᠤᠰᠢᠭᠤᠨ ᠤ ︽ ᠬᠠᠳᠠ ᠴᠢᠯᠠᠭᠤ ᠮᠡᠲᠣ ᠪᠠᠲᠣ ᠪᠠᠷᠢᠯᠳᠣᠯᠭ᠎ᠠ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠴᠣᠭᠴᠠᠯᠠᠬᠤ ᠵᠠᠭᠪᠤᠷ ᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠨᠡᠢᠲᠡᠯᠢᠭ ᠵᠢᠱᠢᠶ᠎ᠡ ᠪᠡᠷ ᠤᠬᠠᠭᠤᠯᠤᠨ ᠳᠡᠯᠭᠡᠷᠡᠭᠦᠯᠵᠦ᠂ ︽ᠵᠢᠷᠭᠤᠭᠠᠨ ᠦᠬᠦᠯᠡᠪᠦᠷᠢ  ᠦᠬᠡᠨ︾  ᠪᠣᠳᠠᠲᠤ ᠶᠠᠪᠤᠳᠠᠯ ᠪᠠ ᠶᠣᠰᠣ ᠤᠴᠢᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠪᠡᠯᠡᠳᠬᠡᠯ ᠠᠯᠪᠠᠨ ᠤ ᠪᠦᠲᠦᠭᠡᠨ ᠪᠠᠶᠢᠭᠤᠯᠤᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠱᠠᠰᠢᠨ ᠰᠤᠷᠲᠠᠬᠤᠨ ᠡᠶ᠎ᠡ  ᠨᠠᠢᠷᠠᠮᠳᠠᠭᠣ᠂ ᠨᠡᠶᠢᠭᠡᠮ ᠡᠶ᠎ᠡ ᠵᠣᠬᠢᠴᠠᠩᠭᠤᠢ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ ᠪᠠᠬᠢᠵᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠦᠷᠭᠦᠯᠵᠢᠯᠡᠨ ᠳᠡᠭᠡᠭᠰᠢᠯᠡᠪᠡ᠃      ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ  ᠨᠡᠪᠲᠡᠷᠡᠭᠦᠯᠦᠨ ᠦᠷᠨᠢᠭᠦᠯᠵᠦ ᠂ ᠠᠯᠳᠠᠭ᠎ᠠ ᠪᠤᠷᠤᠭᠤ ᠶᠢ ᠵᠠᠯᠠᠷᠠᠭᠤᠯᠬᠤ᠂ ᠲᠣᠭᠲᠠᠴᠠ ᠶᠢ ᠥᠭᠡᠷᠡᠴᠢᠯᠡᠬᠦ ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ  ᠢ ᠭᠦᠨᠵᠡᠭᠡᠶᠢᠷᠡᠭᠦᠯᠦᠨ  ᠥᠷᠭᠡᠳᠬᠡᠵᠦ ᠂ ︽ ᠲᠠᠪᠤᠨ ᠶᠡᠭᠡ ᠠᠵᠢᠯᠯᠠᠭ᠎ᠠ ︾ ᠶᠢᠨ ᠦᠷ᠎ᠡ ᠪᠦᠲᠦᠮᠵᠢ ᠶᠢ ᠴᠢᠩᠭ᠎ᠠ ᠠᠳᠬᠤᠨ ᠨᠠᠢᠳᠠᠪᠤᠷᠢᠵᠢᠭᠤᠯᠵᠤ ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ ᠬᠠᠭᠣᠷᠮᠠᠭ︾ ᠵᠡᠷᠭᠡ ᠠᠰᠠᠭᠤᠳᠠᠯ ᠢ ᠪᠦᠲᠦᠮᠵᠢᠲᠡᠢ ᠵᠠᠯᠠᠷᠠᠭᠤᠯᠤᠨ᠂ ᠡᠯ᠎ᠡ ᠲᠦᠷᠦᠯ ᠤᠨ ᠰᠢᠪᠠᠳᠠᠨ ᠪᠠᠢᠴᠠᠭᠠᠬᠤ ᠬᠢᠨᠠᠨ ᠪᠣᠳᠣᠬᠣ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠬᠦᠯᠪᠡ᠃ ︽ ᠨᠠᠢ᠌ᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ  ᠶᠢ ᠭᠦᠨᠵᠡᠭᠡᠢ ᠬᠡᠷᠡᠭᠵᠢᠭᠦᠯᠵᠦ᠂ ︽ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠢᠳᠡᠮ ᠪᠠᠢᠴᠠᠭᠠᠯᠲᠠ︾   ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠲᠥᠪ ᠤᠨ ᠨᠠᠢ᠌ᠮᠠᠨ  ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠠᠷᠪᠢᠴᠢ ᠭᠠᠮᠲᠠᠶ ᠠᠮᠢᠳᠤᠷᠠᠬᠤ ᠶᠢ ᠪᠠᠷᠢᠮᠲᠠᠯᠠᠨ᠂ ᠬᠤᠲᠠ ᠶᠢᠨ ᠲᠣᠰ ᠱᠠᠲᠤᠨ ᠤ ᠭᠣᠣᠯᠳᠠᠯᠭᠠᠲᠤ ᠪᠤᠰᠤ ᠂ ᠬᠠᠳᠠᠨ ᠪᠤᠰᠤ ᠵᠠᠷᠤᠯᠭ᠎ᠠ ᠶᠢ 2.9 ᠳ᠋ᠦᠩᠰᠢᠭᠤᠷ ᠲᠥᠭᠦᠷᠢᠭ ᠪᠠᠭᠠᠰᠬᠠᠵᠤ᠂ ᠶᠡᠷᠦᠩᠬᠡᠶᠢᠯᠡᠨ ᠪᠠᠭᠠᠰᠬᠠᠬᠤ ᠨᠣᠷᠮ᠎ᠠ ᠶᠢ 5% ᠳᠤ ᠬᠦᠷᠭᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ 142 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ 205 ᠬᠤᠪᠢ ᠬᠠᠷᠢᠭᠤᠯᠵᠤ ᠰᠢᠢᠳᠪᠦᠷᠢᠯᠡᠪᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠪᠠᠢᠳᠠᠯ ᠲᠠᠢ ᠪᠣᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠭᠠᠵᠠᠷ ᠬᠥᠳᠡᠯᠦᠯᠲᠡ ᠴᠠᠭ ᠠᠭᠤᠷ᠂ ᠠᠷᠠᠯᠵᠢᠶ᠎ᠠ ᠶᠢ ᠠᠬᠢᠭᠤᠯᠬᠤ ᠬᠠᠩᠭᠠᠨ ᠪᠣᠷᠣᠯᠠᠭᠤᠯᠬᠤ ᠵᠡᠷᠭᠡ ᠦᠢᠯᠡᠰ ᠴᠥᠮ ᠰᠢᠨ᠎ᠡ ᠲᠠᠪᠰᠢᠯᠳᠠ ᠲᠠᠢ ᠪᠤᠯᠵᠠᠢ᠃      ᠲᠥᠯᠥᠭᠡᠯᠡᠭᠴᠢᠳ ᠡ᠂ ᠬᠦᠴᠢᠷᠳᠡᠯ ᠤᠨ ᠳᠤᠮᠳᠠᠬᠢ ᠠᠮᠵᠢᠯᠲᠠ ᠨᠢ ᠬᠢᠯᠪᠠᠷ ᠪᠤᠰᠤ  ᠶᠤᠮ᠂ ᠳᠠᠷᠤᠯᠲᠠ ᠳᠣᠤᠷᠠᠬᠢ ᠣᠯᠤᠯᠲᠠ ᠨᠡᠩ ᠨᠠᠨᠳᠢᠨ ᠶᠤᠮ᠂ ᠨᠢᠭᠡ ᠵᠢᠯ ᠤᠨ ᠲᠤᠷᠰᠢ᠂ ᠪᠢᠳᠡ ᠤᠯᠤᠰ ᠤᠨ ᠲᠤᠷᠰᠢᠯᠲᠠ ᠶᠢᠨ ᠴᠡᠭ ᠦᠨ ᠲᠥᠷᠥᠯ ᠵᠦᠢᠯ  28  ᠶᠢ ᠲᠡᠮᠡᠴᠡᠨ ᠣᠯᠵᠤ᠂ ᠤᠯᠤᠰ ᠤᠨ ᠲᠠᠰ ᠤᠨ ᠬᠤᠷᠠᠯ ᠢ 13 ᠲᠠᠯᠠᠪᠤᠷ ᠡᠷᠭᠢᠯᠡᠵᠦ᠂ ᠤᠯᠤᠰ ᠤᠨ ᠲᠠᠰ ᠤᠨ ᠢᠷᠠᠭᠤ ᠠᠯᠳᠠᠷ ᠢ 142 ᠣᠯᠵᠤ ᠂ ᠺᠠᠳ᠋ᠷ ᠣᠯᠠᠨ ᠲᠦᠮᠡᠨ ᠤ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠪᠠ ᠡᠷᠴᠢ ᠵᠣᠷᠢᠭ ᠢ ᠶᠡᠭᠡ ᠪᠠᠷ ᠬᠦᠪᠴᠢᠯᠡᠪᠡ᠃ ᠡᠳᠡᠭᠡᠷ ᠠᠮᠵᠢᠯᠲᠠ ᠶᠢ ᠣᠯᠤᠭᠰᠠᠨ ᠨᠢ ᠴᠥᠮ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠪᠠᠶᠠᠨᠨᠠᠭᠤᠷ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠡ᠂ ᠡᠷᠡᠯᠬᠡᠭᠯᠡᠨ ᠤᠷᠤᠭᠰᠢᠯᠠᠬᠤ ᠵᠠᠮ ᠲᠡᠭᠰᠢ ᠳᠠᠷᠳᠠᠩ ᠪᠠᠢᠳᠠᠭ ᠦᠭᠡᠢ᠂ ᠪᠢᠳᠡ ᠪᠠᠰᠠ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠰᠡᠷᠭᠡᠭ ᠢᠶᠠᠷ ᠲᠠᠨᠢᠵᠤ ᠣᠯᠪᠠ᠄ ᠨᠢᠭᠡ ᠳᠤ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶ ᠬᠡᠮᠵᠢᠶ᠎ᠡ ᠪᠠᠭ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠲᠠᠯ᠎ᠠ ᠪᠠᠷ ᠬᠦᠷᠦᠯᠴᠡᠬᠦ ᠥᠬᠡᠶ᠂ ᠴᠢᠨᠠᠷ ᠰᠠᠶᠢᠲᠠᠶ ᠪᠣᠯᠪᠠᠴᠤ ᠦᠨ᠎ᠡ ᠨᠢ ᠰᠠᠢᠲᠠᠢ ᠪᠢᠰᠢ ᠂ ᠠᠵᠤ ᠦᠢᠯᠡᠳᠪᠦᠷᠢ ᠶᠢᠨ ᠬᠡᠯᠬᠢᠶ᠎ᠡ ᠣᠬᠤᠷ᠂ ᠨᠡᠮᠡᠯᠲᠡ ᠥᠷᠲᠡᠭ ᠳᠣᠤᠷ᠎ᠠ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠭᠦᠢᠴᠡᠳ ᠥᠬᠡᠶ᠂ ᠬᠦᠭᠵᠢᠯᠲᠡ ᠶᠢᠨ ᠴᠢᠨᠠᠷ᠂ ᠪᠦᠲᠦᠴᠡ᠂ ᠦᠷ᠎ᠡ ᠠᠰᠢᠭ ᠢ ᠪᠠᠰᠠ ᠰᠢᠯᠢᠳᠡᠭᠵᠢᠬᠦᠯᠦᠨ ᠳᠡᠭᠡᠭᠰᠢᠯᠡᠬᠦᠯᠬᠦ ᠴᠢᠬᠣᠯᠠᠲᠠᠢ ᠪᠠᠢᠨ᠎ᠠ᠃ ᠬᠤᠶᠠᠷ ᠲᠤ ᠲᠣᠮᠣ ᠬᠦᠴᠦᠷᠬᠡᠭ ᠠᠵᠤ ᠠᠬᠤᠶᠢᠯᠠᠯ᠂ ᠲᠣᠮᠣ ᠲᠥᠷᠥᠯ ᠵᠦᠢᠯ᠂ ᠠᠵᠤ ᠦᠢᠯᠡᠰ ᠦᠨ ᠲᠥᠷᠥᠯ ᠵᠦᠢᠯ ᠴᠥᠭᠡᠨ᠂ ᠬᠡᠰᠡᠭ ᠠᠵᠢᠯ ᠲᠥᠷᠥᠯ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠴᠢᠳᠠᠮᠵᠢ ᠴᠢᠩᠭ᠎ᠠ ᠪᠤᠰᠤ ᠪᠠᠶᠢᠨ᠎ᠠ᠃ ᠭᠤᠷᠪᠠ ᠳᠤ ᠬᠢᠯᠢ ᠪᠠᠷ ᠥᠩᠭᠡᠷᠡᠬᠦ ᠡᠬᠢ  ᠪᠠᠶᠠᠯᠢᠭ  ᠢ  ᠲᠤᠬᠠᠢ  ᠶᠢᠨ ᠭᠠᠵᠠᠷ  ᠲᠤᠨᠢ  ᠪᠣᠯᠪᠠᠰᠤᠷᠠᠭᠤᠯᠬᠤ ᠂  ᠤᠯᠠᠷᠢᠭᠤᠯᠤᠨ ᠨᠡᠮᠡᠭᠳᠡᠭᠦᠯᠬᠦ  ᠲᠠᠯ᠎ᠠ  ᠪᠠᠷ  ᠬᠦᠷᠦᠯᠴᠡᠬᠦ  ᠦᠭᠡᠢ ᠂ ︽ ᠳᠠᠮᠵᠢᠭᠤᠯᠤᠭᠠᠳ ᠯᠡ ᠥᠩᠭᠡᠷᠡᠭᠦᠯᠬᠦ︾ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠃ ᠳᠥᠷᠪᠡ ᠳᠦ ᠣᠯᠠᠨ ᠨᠡᠶᠢᠲᠡ ᠶᠢᠨ ᠦᠢᠯᠡᠴᠢᠯᠡᠭᠡ ᠬᠢᠭᠡᠳ ᠣᠯᠠᠨ ᠲᠦᠮᠡᠨ ᠦ ᠬᠦᠰᠡᠯ ᠡᠷᠡᠮᠡᠯᠵᠡᠯ ᠪᠠᠰᠠ ᠵᠥᠷᠢᠶ᠎ᠡ ᠲᠡᠶ ᠪᠠᠶᠢᠵᠤ᠂ ᠬᠥᠮᠦᠨ ᠠᠮᠠ ᠬᠢᠭᠡᠳ ᠬᠡᠷᠡᠭᠯᠡᠭᠡᠨ ᠦ ᠭᠠᠳᠠᠭᠰᠢ  ᠶᠠᠪᠣᠬᠣ ᠬᠠᠨᠳᠤᠰᠢ ᠮᠥᠨ ᠬᠦ ᠨᠡᠯᠢᠶᠡᠳ ᠢᠯᠡᠷᠬᠡᠶ ᠪᠠᠶᠢᠨ᠎ᠠ᠃ ᠲᠠᠪᠤ ᠳᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠥᠨᠳᠥᠷ ᠪᠢᠰᠢ᠂ ᠣᠷᠴᠢᠨ ᠲᠣᠭᠤᠷᠢᠨ ᠤ ᠠᠷᠢᠭᠤᠨ ᠴᠡᠪᠡᠷ ᠂ ᠵᠠᠮ ᠬᠠᠷᠢᠯᠴᠠᠭᠠᠨ ᠤ ᠡᠮᠬᠢ ᠵᠢᠷᠤᠮ ᠵᠡᠷᠭᠡ ᠶᠢ ᠪᠠᠰᠠ ᠰᠠᠢᠵᠢᠷᠠᠭᠤᠯᠬᠤ ᠴᠢᠬᠤᠯᠠᠲᠠᠶ ᠪᠠᠶᠢᠨ᠎ᠠ᠃ ᠵᠢᠷᠭᠤᠭ᠎ᠠ ᠳᠤ ᠵᠠᠰᠠᠭ ᠤᠨ ᠣᠷᠳᠣᠨ ᠤ ᠰᠢᠰᠲ᠋ᠧᠮ ᠦᠨ ᠵᠠᠷᠢᠮ ᠺᠠᠳ᠋ᠷ  ᠤᠨ ᠨᠠᠷᠢᠯᠢᠭ ᠪᠣᠳᠣᠬᠣ ᠦᠵᠡᠯ ᠤᠬᠠᠮᠰᠠᠷ ᠬᠦᠷᠦᠯᠴᠡᠬᠦ ᠦᠭᠡᠶ᠂ ᠲᠡᠷᠢᠭᠦᠨ ᠦ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠡᠷᠴᠢ ᠬᠦᠷᠦᠯᠴᠡᠬᠦ ᠦᠭᠡᠶ ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ᠂ ᠠᠵᠤ ᠦᠢᠯᠡᠳᠪᠦᠷᠢᠵᠢᠯᠲᠡ ᠶᠢᠨ ᠰᠡᠳᠬᠢᠬᠦᠶ ᠪᠡᠷ ᠬᠥᠭᠵᠢᠯᠲᠡ ᠶᠢ ᠰᠦᠪᠡᠭᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠪᠢᠳᠠ ᠵᠥᠷᠢᠴᠡᠯ ᠳᠤ ᠰᠢᠭᠤᠳ ᠬᠠᠨᠳᠤᠵᠤ᠂ ᠵᠦᠷᠢᠶ᠎ᠡ ᠳᠤ ᠵᠥᠪ ᠢᠶᠠᠷ ᠬᠠᠨᠳᠤᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠤᠨ᠎ᠠ᠃      ᠬᠤᠶᠠᠷ᠂ 2025 ᠣᠨ ᠤ ᠭᠤᠣᠯᠳᠠᠯᠭ᠎ᠠ ᠲᠠᠢ ᠠᠵᠢᠯ      2025 ᠣᠨ ᠪᠣᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾  ᠲᠥᠯᠥᠪᠵᠢᠭᠦᠯᠭᠡ ᠶᠢᠨ ᠲᠡᠭᠦᠰᠬᠦ ᠵᠢᠯ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃      ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠰᠢᠨᠵᠢᠯᠡᠨ   ᠪᠠᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠣᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠬᠤ︾ ᠪᠠᠷ ᠬᠦᠴᠦᠷᠬᠡᠭ ᠶᠡᠭᠡ ᠤᠯᠤᠰ ᠲᠥᠷᠥ ᠶᠢᠨ ᠵᠢᠯᠣᠭᠤᠳᠤᠮᠵᠢ ᠪᠣᠯᠭᠠᠵᠤ᠂ ᠨᠢᠭᠡ ᠭᠤᠤᠯ ᠰᠢᠵᠢᠮ ᠢ  ᠲᠣᠭᠣᠰᠢᠯᠠᠭᠤᠯᠬᠤ ᠂  ᠬᠤᠶᠠᠷ  ᠶᠡᠭᠡ  ᠶᠠᠪᠤᠳᠠᠯ  ᠢ  ᠰᠠᠶᠢᠲᠤᠷ  ᠬᠢᠵᠦ ᠂ ︽ ᠵᠢᠷᠭᠤᠭᠠᠨ ᠢᠨᠵᠧᠨᠧᠷᠢᠩ ︾  ᠢ ᠭᠦᠨᠵᠡᠭᠡᠶᠢᠷᠡᠭᠦᠯᠦᠨ᠂ ︽ᠵᠢᠷᠭᠤᠭᠠᠨ ᠠᠵᠢᠯᠯᠠᠭ᠎ᠠ︾  ᠠᠬᠢᠭᠤᠯᠵᠤ ᠂ ︽ᠲᠠᠪᠤᠨ ᠥᠨᠳᠥᠷ ᠲᠠᠪᠤᠨ ᠣᠷᠣᠨ︾   ᠪᠥᠲᠥᠭᠡᠨ ᠪᠠᠶᠢᠭᠤᠯᠬᠤ ᠲᠠᠯ᠎ᠠ ᠪᠠᠷ ᠨᠠᠩ ᠶᠡᠭᠡ ᠳᠠᠪᠰᠢᠯᠲᠠ ᠲᠠᠢ ᠪᠣᠯᠬᠤ ᠪᠠᠷ ᠴᠢᠷᠮᠠᠢᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ  ᠢ ᠨᠡᠭᠡᠭᠡᠵᠦ᠂ ᠳᠤᠮᠳᠠ ᠲᠦᠪᠰᠢᠨ ᠳᠦ ᠳᠠᠪᠰᠢᠨ ᠣᠷᠣᠬᠣ  ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ ᠄  ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠵᠦ ᠂  ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠢᠵᠢᠯᠢ ᠠᠯᠬᠤᠮ ᠲᠠᠢ ᠪᠠᠢᠯᠭᠠᠨ᠎ᠠ᠃ ᠡᠲᠡᠭᠡᠷ ᠬᠠᠷᠠᠯᠲᠠ ᠨᠢ ︽ᠳᠡᠭᠡᠭᠰᠢ ᠦᠰᠦᠷᠦᠨ ᠲᠤᠭᠤᠷ ᠲᠡᠭᠦᠬᠦ︾ ᠵᠠᠷᠴᠢᠮ ᠶᠣᠰᠣᠭᠠᠷ᠂ ᠥᠨᠳᠥᠷ ᠰᠠᠭᠤᠷᠢ ᠲᠤᠭ᠎ᠠ ᠶᠢᠨ ᠰᠠᠭᠤᠷᠢᠨ ᠳᠡᠭᠡᠷᠡᠬᠢ ᠥᠨᠳᠥᠷ ᠨᠡᠮᠡᠭᠳᠡᠯ ᠨᠢ ᠬᠥᠩᠭᠡᠨ ᠬᠠᠭᠤᠮᠠᠭᠠᠶ᠂ ᠬᠡᠩᠭᠡᠷᠭᠡ ᠴᠠᠨᠭ᠌ ᠴᠣᠬᠢᠬᠤ ᠮᠡᠲᠦ ᠬᠢᠯᠪᠠᠷ ᠠᠮᠠᠷᠬᠠᠨ ᠪᠦᠲᠦᠴᠢᠬᠡᠬᠦ ᠪᠢᠰᠢ᠃ ᠪᠢᠳᠡ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠷᠠᠯᠲᠠ ᠪᠠᠨ ᠲᠣᠭᠲᠠᠭᠠᠵᠤ᠂ ᠰᠢᠷᠭᠠᠭᠤ ᠬᠠᠲᠠᠭᠤᠵᠢᠯᠲᠠᠢ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠤᠨ ᠲᠡᠷᠢᠭᠦᠨ ᠳᠦ ᠣᠷᠣᠵᠣ᠂ ᠣᠷᠣᠭᠰᠢᠯᠠᠨ ᠳᠡᠰ ᠳᠡᠪᠰᠢᠬᠦ ᠶᠢ ᠬᠦᠴᠦᠯᠡᠨ ᠠᠬᠢᠭᠤᠯᠤᠨ᠎ᠠ᠃      ᠳᠣᠣᠷᠠᠬᠢ ᠨᠠᠢ᠌ᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄    (ᠨᠢᠭᠡ) ᠪᠡᠯᠡ ᠣᠷᠣᠭᠤᠯᠤᠯᠲᠠ ᠬᠡᠷᠡᠭᠯᠡᠭᠡ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠵᠦ᠂ ᠳᠠᠯᠳᠠ ᠬᠦᠴᠦᠨ ᠲᠠᠢ ᠬᠡᠷᠡᠭᠯᠡᠭᠡ ᠶᠢ ᠬᠥᠭᠵᠢᠭᠡᠵᠦ᠂ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠰᠠᠶᠢᠨ ᠣᠷᠴᠢᠯ ᠢ ᠪᠤᠢ ᠪᠣᠯᠭᠠᠵᠤ᠂ ᠨᠡᠩ ᠤᠯᠠᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ᠎ᠠ᠃      ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠢᠴᠢ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠭᠦᠢᠴᠡᠳ ᠰᠠᠶᠢᠲᠤᠷ ᠬᠡᠷᠡᠭᠯᠡᠵᠦ᠂ ︽ᠬᠤᠶᠠᠷ ᠴᠢᠬᠤᠯᠠ︾᠂ ︽ᠬᠤᠶᠠᠷ ᠰᠢᠨ᠎ᠡ︾  ᠲᠥᠷᠥ ᠶᠢᠨ ᠪᠣᠳᠣᠯᠭ᠎ᠠ ᠵᠢᠴᠢ  ᠨᠢᠭᠡ ᠪᠦᠯᠦᠭ ᠨᠡᠮᠡᠭᠳᠡᠯ ᠤᠨ ᠲᠥᠷᠥ ᠶᠢᠨ ᠪᠣᠳᠣᠯᠭ᠎ᠠ ᠳᠤ ᠲᠥᠪᠯᠡᠷᠡᠭᠦᠯᠦᠨ᠂ ᠳᠤᠲᠠᠭᠤᠳᠠᠯ ᠢ ᠨᠥᠬᠦᠵᠦ᠂ ᠨᠥᠭᠡᠴᠡ ᠬᠦᠴᠦᠨ ᠢ ᠨᠡᠮᠡᠭᠳᠡᠭᠦᠯᠬᠦ ᠳᠦ ᠠᠩᠬᠠᠷᠤᠯ ᠢᠶᠠᠨ ᠲᠥᠪᠯᠡᠷᠡᠭᠦᠯᠵᠦ᠂ ᠪᠠᠷᠠᠭᠠᠯᠬᠢᠯᠠᠯ ᠤᠨ ᠴᠢᠨᠠᠷᠲᠠᠶ ᠰᠤᠳᠤᠯᠭᠠᠨ ᠢ ᠴᠢᠩᠭᠠᠳᠬᠠᠵᠤ᠂ ᠨᠢᠭᠡ ᠪᠦᠯᠦᠭ ᠬᠥᠲᠥᠯᠦᠨ ᠳᠠᠭᠠᠭᠤᠯᠬᠤ ᠴᠢᠨᠠᠷᠲᠠᠶ ᠴᠢᠬᠤᠯᠠ ᠶᠡᠭᠡ ᠲᠥᠷᠥᠯ ᠵᠦᠢᠯ ᠢ ᠲᠥᠯᠥᠪᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾  ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠷᠲᠡ ᠨᠠᠶᠢᠳᠠᠪᠤᠷᠢᠵᠢᠭᠤᠯᠵᠤ᠂ ᠲᠦᠷᠭᠡᠨ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠤᠨ᠎ᠠ᠃ ᠤᠳᠤᠷᠢᠳᠤᠯᠭ᠎ᠠ  ᠬᠣᠯᠪᠣᠭᠠᠯᠠᠨ ᠳᠠᠭᠠᠭᠠᠴᠢᠯᠠᠬᠤ᠂ ᠲᠤᠰᠬᠠᠶ ᠠᠩᠬᠢ ᠪᠠᠷ ᠠᠬᠢᠭᠤᠯᠬᠤ᠂ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠠᠳᠬᠤᠵᠤ᠂ ᠡᠯᠧᠮᠧᠨ᠋ᠲ ᠤᠨ ᠡᠬᠢ  ᠪᠠᠶᠠᠯᠢᠭᠵᠢᠭᠤᠯᠤᠨ ᠲᠣᠬᠢᠷᠠᠭᠤᠯᠬᠤ  ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠶᠢ 510 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠢ ᠪᠡᠯᠡ ᠣᠷᠣᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠤᠨ᠎ᠠ᠃ ᠭᠠᠭᠴᠠᠮᠣᠳᠣ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ᠂ ᠨᠠᠷᠠᠲᠤ ᠭᠤᠤ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ︽ᠠᠷᠪᠠᠨ ᠲᠠᠪᠤᠳᠤᠭᠠᠷ ᠲᠠᠪᠤᠨ ᠵᠢᠯ︾  ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠯᠲᠠ ᠶᠢᠨ ᠥᠭᠡᠷᠡᠴᠢᠯᠡᠯᠲᠡ ᠵᠡᠷᠭᠡ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠡᠾᠸ ᠱᠦᠸ᠋ᠸ᠂ ᠪᠣᠷᠣᠲᠣᠬᠤᠶ ᠵᠡᠷᠭᠡ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂  ᠬᠤᠸᠠ  ᠾᠧᠩ ᠠᠮᠢᠨᠤ᠋ ᠬᠦᠴᠢᠯ᠂ ᠵᠢᠨ ᠮᠣᠣ ᠨᠡᠭᠦᠷᠡᠰᠦᠨ ᠬᠥ᠋ ᠵᠡᠷᠭᠡ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠲᠥᠷᠥᠯ ᠵᠦᠢᠯ ᠢ ᠪᠠᠶᠢᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠢ ᠨᠡᠪᠲᠡᠷᠡᠭᠦᠯᠵᠦ᠂ ᠪᠠᠶᠠᠨᠨᠠᠭᠤᠷ ᠤᠨ ᠠᠷᠠᠳ ᠲᠦᠮᠡᠨ ᠢ  ︽ᠲᠦᠷᠭᠡᠨ  ᠤ ᠲᠡᠮᠦᠷ ᠵᠠᠮ ᠤᠨ ᠴᠠᠭ ᠦᠶ᠎ᠡ︾   ᠣᠷᠣᠭᠤᠯᠤᠨ᠎ᠠ᠃ ᠯᠢᠨ ᠾᠧ ᠡᠴᠡ ᠬᠠᠮᠢ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠰᠢᠨᠡᠴᠢᠯᠡᠬᠦ ᠂ G0616 ᠮᠤᠨᠠ ᠠᠭᠤᠯᠠ ᠠᠴᠠ ᠬᠠᠯᠢᠭᠤᠲᠤ ᠬᠦᠷᠬᠦ ᠬᠡᠰᠡᠭ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢ 50 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠬᠦᠯᠦᠨ᠎ᠡ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠦᠲᠦᠮᠵᠢ ᠶᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠬᠤᠳᠠᠯᠳᠤᠭᠠᠴᠢᠨ ᠤᠷᠢᠬᠤ ︽ᠨᠢᠭᠡ ᠬᠥᠯᠭᠡ ᠰᠢᠲᠠᠷ᠎ᠠ︾ ᠪᠠᠷᠢᠮᠲᠠᠯᠠᠵᠤ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠣᠷᠣᠨ ᠤ ᠭᠠᠳᠠᠨᠠᠬᠢ ᠪᠠᠢᠷᠢᠨ ᠳᠤ ᠣᠷᠣᠭᠰᠠᠨ ᠪᠠᠯᠠ ᠮᠥᠩᠭᠦ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠬᠡᠯᠬᠢᠶ᠎ᠡ  ᠶᠢᠨ ᠳᠠᠷᠤᠭ᠎ᠠ ᠨᠢᠭᠡᠳᠦᠯᠲᠡᠶ ᠲᠥᠯᠥᠪᠯᠡᠬᠦ ᠪᠠ ᠬᠡᠯᠬᠢᠶ᠎ᠡ ᠶᠢᠨ ᠭᠣᠣᠯᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂  ᠲᠥᠷᠥᠯ ᠵᠦᠢᠯ ᠲᠤᠬᠠᠢ ᠶᠢᠨ ᠭᠠᠵᠠᠷ ᠲᠤ ᠪᠣᠳᠠᠲᠠᠢᠵᠢᠭᠤᠯᠬᠤ ᠳᠤᠮᠳᠠᠬᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠵᠦ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠪᠠᠯᠠ ᠣᠷᠣᠭᠤᠯᠤᠯᠲᠠ ᠶᠢ ᠨᠡᠮᠡᠭᠳᠡᠭᠦᠯᠬᠦ ᠶᠢ ᠠᠬᠢᠭᠤᠯᠤᠨ᠂ ︽ ᠬᠦᠭᠰᠢᠨ ᠮᠣᠳᠣ ᠰᠢᠨ᠎ᠡ ᠪᠠᠷ ᠰᠣᠶᠣᠭᠠᠯᠠᠬᠤ︾  ᠪᠡᠶᠡᠯᠡᠭᠦᠯᠦᠨ᠎ᠡ᠃ ︽ ᠦᠬᠡᠢ ᠡᠴᠡ ᠪᠠᠢᠬᠤ ᠪᠣᠯᠭᠠᠵᠤ︾ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠬᠦᠴᠦᠨ ᠵᠦᠢᠯ ᠳᠤ ᠲᠦᠰᠢᠭᠯᠡᠨ᠂ ᠠᠷᠭ᠎ᠠ ᠪᠦᠬᠦᠨ ᠢ ᠰᠦᠪᠡᠭᠴᠢᠯᠡᠨ ᠰᠢᠨ᠎ᠡ ᠮᠠᠲ᠋ᠧᠷᠢᠶᠠᠯ ᠂  ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠤ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠦᠯᠬᠦ ᠲᠦᠷᠦᠯ ᠵᠦᠢᠯ ᠢ ᠣᠷᠣᠭᠤᠯᠤᠨ ᠠᠪᠴᠢᠷᠠᠵᠤ᠂ ︽ᠰᠢᠨ᠎ᠡ ᠮᠦᠴᠢᠷ ᠰᠢᠨ᠎ᠡ ᠴᠡᠴᠡᠭ ᠳᠡᠯᠭᠡᠷᠡᠬᠦ︾   ᠪᠡᠶᠡᠯᠡᠭᠦᠯᠦᠨ᠎ᠡ᠃      ᠬᠡᠷᠡᠭᠯᠡᠭᠡᠨ ᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ︽ᠬᠤᠶᠠᠷ ᠰᠢᠨ᠎ᠡ︾  ᠲᠥᠷᠥ ᠶᠢᠨ ᠪᠣᠳᠣᠯᠭ᠎ᠠ ᠶᠢ ᠥᠷᠭᠡᠳᠬᠡᠨ ᠨᠠᠶᠢᠳᠠᠪᠤᠷᠢᠵᠢᠭᠤᠯᠵᠤ᠂ ᠠᠷᠠᠳ ᠲᠤ ᠠᠰᠢᠭ ᠬᠦᠷᠲᠡᠭᠡᠵᠦ ᠬᠡᠷᠡᠭᠯᠡᠭᠡ ᠶᠢ ᠠᠬᠢᠭᠤᠯᠬᠤ ᠣᠯᠠᠨ ᠬᠦᠷᠢᠶᠡᠨ ᠳᠠᠬᠢ ᠠᠵᠢᠯᠯᠠᠭ᠎ᠠ ᠶᠢ ᠥᠷᠨᠢᠭᠦᠯᠦᠨ᠂ ᠡᠷᠡᠭᠦᠯ ᠡᠩᠬᠡ᠂ ᠬᠡᠷ ᠠᠬᠤᠶ᠂ ᠨᠠᠢᠳᠠᠨ ᠰᠠᠭᠠᠲᠠᠭᠤᠯᠬᠤ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠵᠤ᠂ ᠣᠷᠣᠨ ᠰᠠᠭᠤᠴᠠ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠬᠥᠭᠵᠢᠭᠡᠨ᠎ᠡ᠃ ᠮᠥᠸ᠋ᠸ ᠡᠯ ᠬᠤᠲᠠ ᠶᠢ ᠡᠬᠢᠯᠡᠨ ᠡᠵᠡᠩᠨᠡᠵᠦ᠂ ᠬᠠᠲᠤᠨ ᠭᠤᠤᠯ ᠤᠨ ᠲᠣᠬᠣᠢ ᠶᠢᠨ ᠶᠠᠪᠠᠭᠠᠨ ᠵᠡᠭᠡᠯᠢ ᠵᠡᠷᠭᠡ ᠤᠨᠴᠠᠯᠢᠬᠳᠤ ᠵᠡᠭᠡᠯᠢ ᠲᠣᠭᠤᠷᠢᠭ ᠤᠨ ᠴᠢᠨᠠᠷ ᠢ ᠳᠡᠭᠡᠭᠰᠢᠯᠡᠭᠦᠯᠵᠦ᠂ ︽ᠱᠠᠮᠪᠠ ᠶᠢᠨ ᠦᠨᠦᠷ ᠠᠮᠲᠠ︾᠂ ︽ᠣᠷᠠᠳ︾ ᠂ ︽ᠣᠣ ᠶᠢᠨ ᠭᠣᠣᠯ ᠮᠣᠩᠭᠣᠯ ᠬᠣᠭᠣᠯᠠ︾ ᠵᠡᠷᠭᠡ ᠢᠳᠡᠭᠡᠨ ᠤᠮᠳᠠᠭᠠᠨ ᠤ ᠨᠠᠷᠠᠲᠤ ᠲᠡᠮᠳᠡᠭ ᠦᠨ ᠨᠥᠯᠥᠭᠡᠯᠡᠬᠦ ᠬᠦᠴᠦᠨ ᠢ ᠥᠷᠭᠡᠳᠬᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ ᠦᠨᠡᠨ ᠬᠦ ᠬᠥᠭᠵᠢᠶᠡᠨ ᠨᠠᠷᠭᠢᠶᠠᠨ ᠲᠠᠢ ᠪᠣᠯᠭᠠᠨ᠎ᠠ᠃ ᠨᠠᠰᠣᠵᠢᠯ  ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠨᠡᠶᠢᠭᠡᠮ ᠤᠨ ᠬᠦᠴᠦᠨ ᠤ ᠨᠠᠰᠤᠵᠢᠯ ᠤᠨ ᠠᠵᠤ ᠦᠢᠯᠡᠰ ᠲᠤ ᠣᠷᠣᠯᠴᠠᠬᠤ ᠶᠢ ᠵᠣᠷᠢᠭᠵᠢᠭᠤᠯᠵᠤ᠂ ᠨᠠᠰᠤᠵᠢᠯᠲᠠ ᠶᠢᠨ ᠠᠰᠠᠷᠠᠮᠵᠢ ᠂ ᠨᠠᠰᠤᠵᠢᠯᠲᠠ ᠳᠦ ᠲᠣᠬᠢᠷᠠᠬᠤ᠂ ᠨᠠᠰᠤᠵᠢᠯᠲᠠ ᠶᠢᠨ    ᠬᠠᠪᠰᠤᠷᠤᠮᠵᠢ  ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ ᠂ ᠨᠠᠰᠣᠵᠢᠯ  ᠤᠨ ᠬᠡᠷᠡᠭᠯᠡᠭᠡᠨ ᠤ ᠣᠨᠴᠠᠯᠢᠭᠲᠤ ᠨᠡᠷᠡᠲᠦ ᠲᠡᠮᠳᠡᠭ ᠢ ᠪᠤᠢ ᠪᠣᠯᠭᠠᠨ᠎ᠠ᠃    (ᠬᠤᠶᠠᠷ) ᠰᠢᠨᠵᠢᠯᠡᠬᠦ ᠤᠬᠠᠭᠠᠨ ᠰᠤᠷᠭᠠᠨ ᠬᠥᠮᠦᠵᠢᠯ ᠴᠢᠳᠠᠪᠤᠷᠢᠲᠠᠨ ᠤ ᠬᠠᠷᠢᠯᠴᠠᠨ ᠠᠬᠢᠭᠤᠯᠵᠤ ᠬᠠᠮᠲᠤᠪᠠᠷ ᠠᠭᠤᠰᠤᠯᠴᠠᠬᠤ ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠬᠥᠭᠵᠢᠭᠡᠨ᠎ᠡ᠃ ᠰᠢᠨ᠎ᠡ ᠶᠢ ᠡᠭᠦᠳᠬᠦ  ᠶᠢ ᠨᠡᠩ ᠳᠣᠪᠣᠢᠮ᠎ᠠ ᠪᠠᠢᠷᠢᠨ ᠳᠤ ᠲᠠᠯᠪᠢᠬᠤ ᠶᠢ ᠪᠠᠷᠢᠮᠲᠠᠯᠠᠵᠤ ᠂ ᠨᠡᠩ ᠶᠡᠭᠡ ᠡᠷᠴᠢᠮ ᠢᠶᠠᠷ ᠰᠢᠨᠵᠢᠯᠡᠬᠦ ᠤᠬᠠᠭᠠᠨ ᠮᠡᠷᠭᠡᠵᠢᠯ ᠢ ᠬᠦᠭᠵᠢᠭᠦᠯᠵᠦ᠂ ᠴᠢᠳᠠᠪᠤᠷᠢᠲᠠᠨ ᠢ  ᠬᠦᠮᠦᠵᠢᠭᠦᠯᠵᠦ᠂ ᠰᠤᠷᠭᠠᠨ ᠬᠥᠮᠦᠵᠢᠯ ᠢ ᠡᠷᠬᠢᠯᠡᠵᠦ ᠂ ᠬᠥᠭᠵᠢᠯᠲᠡ ᠶᠢᠨ ᠠᠮᠢᠵᠢᠷᠠᠯ  ᠤᠨ ᠬᠦᠴᠦᠨ ᠢ ᠪᠠᠳᠠᠷᠠᠭᠤᠯᠤᠨ ᠬᠥᠭᠵᠢᠭᠡᠨ᠎ᠡ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠦᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠬᠥᠲᠥᠯᠦᠮᠵᠢ ᠪᠣᠯᠭᠠᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ  ︽ᠪᠦᠰᠡᠯᠡᠯᠲᠡ ᠶᠢ ᠰᠢᠪᠲᠤᠯᠬᠤ︾  ᠲᠥᠷᠥᠯ ᠵᠦᠢᠯ ᠢ ᠬᠡᠷᠡᠭᠵᠢᠭᠦᠯᠵᠦ ᠂ ᠳ᠋ᠣᠺᠲ᠋ᠣᠷ ᠤᠨ ᠠᠵᠢᠯ ᠤᠨ ᠥᠷᠲᠡᠭᠡ 10᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ 10  ᠶᠢ ᠰᠢᠨ᠎ᠡ ᠪᠠᠷ ᠪᠠᠶᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠠᠷᠢᠶᠠᠯᠠᠩ ᠤᠨ ᠳᠡᠭᠡᠳᠦ  ᠰᠢᠨ᠎ᠡ ᠮᠡᠷᠭᠡᠵᠢᠯ ᠦᠨ ᠠᠵᠤ ᠦᠢᠯᠡᠰ ᠦᠨ ᠵᠢᠱᠢᠶ᠎ᠡ ᠦᠵᠡᠭᠦᠯᠬᠦ  ᠬᠦᠷᠢᠶᠡᠯᠡᠩ ᠲᠣᠭᠣᠷᠢᠭ  ᠲᠤ ᠦᠨᠳᠦᠰᠦᠯᠡᠭᠦᠯᠦᠨ᠂ ᠮᠡᠷᠭᠡᠵᠢᠯ ᠢ ᠲᠠᠷᠢᠶᠠᠨ ᠭᠠᠵᠠᠷ ᠲᠤ ᠴᠤᠭᠯᠠᠷᠠᠭᠤᠯᠤᠨ᠂ ᠦᠢᠯᠡᠳᠬᠦᠨ ᠢ ᠦᠢᠯᠡᠳᠪᠦᠷᠢ ᠶᠢᠨ ᠲᠠᠰᠤᠭ ᠲᠤ ᠤᠯᠠᠷᠢᠭᠤᠯᠤᠨ ᠬᠤᠪᠢᠷᠠᠭᠤᠯᠵᠤ᠂ ᠳᠡᠭᠡᠳᠦ ᠰᠢᠨ᠎ᠡ ᠮᠡᠷᠭᠡᠵᠢᠯ ᠦᠨ ᠠᠵᠤ ᠠᠬᠤᠶᠢᠯᠠᠯ ᠢ ᠬᠦᠷᠢᠶᠡᠯᠡᠩ ᠲᠣᠭᠤᠷᠢᠭ ᠲᠤ ᠲᠥᠪᠯᠡᠷᠡᠭᠦᠯᠵᠦ ᠂  ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠦᠨ ᠠᠵᠤ ᠦᠢᠯᠡᠰ ᠦᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠣᠷᠢᠭ  ᠤᠨ ᠦᠢᠯᠡᠳᠬᠦᠨ ᠤ ᠥᠷᠲᠡᠭ ᠢ 200 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ᠃ ᠪᠣᠷᠣᠲᠣᠬᠣᠢ ᠶᠢᠨ ᠳᠡᠭᠡᠲᠣ ᠰᠣᠷᠭᠠᠭᠣᠯᠢ ᠦᠨᠳᠦᠷ ᠦᠷ᠎ᠡ ᠠᠰᠢᠭᠲᠣ ᠲᠠᠷᠢᠶᠠᠯᠠᠩ᠂ ᠤᠰᠤ ᠠᠷᠪᠢᠯᠠᠬᠤ ᠠᠵᠦ ᠦᠢᠯᠡᠰ ᠵᠡᠷᠭᠡ ᠭᠣᠣᠯᠳᠠᠯᠭ᠎ᠠ ᠲᠠᠢ  ᠬᠦᠷᠢᠶᠡᠨ ᠳᠦ ᠰᠠᠭᠣᠷᠢ ᠪᠠ ᠬᠡᠷᠡᠭᠯᠡᠬᠡᠨ ᠤ ᠰᠤᠳᠤᠯᠭᠠᠨ ᠢ ᠥᠷᠨᠢᠭᠦᠯᠬᠦ ᠶᠢ ᠳᠡᠮᠵᠢᠨ᠎ᠡ᠃ ᠤᠯᠤᠰ ᠤᠨ ᠨᠣᠤᠰᠣ  ᠨᠣᠣᠯᠤᠭᠤᠷ ᠤᠨ ᠴᠢᠨᠠᠷ  ᠢ ᠪᠠᠶᠢᠴᠠᠭᠠᠨ ᠰᠢᠯᠭᠠᠬᠤ ᠲᠥᠪ ᠦᠨ ᠪᠠᠶᠠᠨᠨᠠᠭᠤᠷ ᠤᠨ ᠲᠤᠷᠰᠢᠯᠲᠠ ᠶᠢᠨ ᠲᠠᠰᠤᠭ  ᠢ ᠪᠠᠶᠢᠭᠤᠯᠤᠨ᠎ᠠ ᠃ ᠳᠡᠸᠡᠷ ᠤᠨ ᠳᠡᠮᠳᠡᠭ ᠤᠨ ᠨᠡᠷᠡᠳᠣ ᠲᠡᠮᠳᠡᠭ ᠦᠨ ᠪᠠᠶᠢᠯᠳᠣᠬᠤ ᠪᠤᠳᠣᠯᠭ᠎ᠠ ᠶᠢᠨ ᠢᠨᠵᠧᠨᠧᠷᠢᠩ ᠢ ᠰᠠᠶᠢᠳᠣᠷ ᠠᠳᠬᠤᠵᠦ᠂ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠶᠢ 300 ᠠᠴᠠ ᠲᠡᠭᠡᠭᠰᠢ ᠳᠦ ᠬᠦᠷᠭᠡᠵᠦ ᠂ ᠳᠡᠩᠰᠡᠯᠡᠭᠤᠯᠥᠠᠠᠰᠠᠨ ᠳᠡᠸᠡᠷ ᠤᠨ ᠳᠡᠮᠳᠡᠭ ᠢ 3 ᠳᠥᠮᠡ ᠠᠴᠠ ᠳᠠᠪᠠᠭᠤᠯᠬᠤ ᠪᠠᠷ ᠴᠢᠷᠮᠡᠶᠢᠨ᠎ᠠ᠃      ᠴᠢᠳᠠᠪᠤᠷᠢᠲᠠᠨ ᠢ ᠤᠷᠢᠵᠤ ᠬᠦᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠴᠢᠳᠠᠪᠤᠷᠢᠲᠠᠨ ᠢ ᠤᠷᠢᠬᠤ᠂ ᠬᠦᠮᠦᠵᠢᠭᠦᠯᠬᠦ᠂ ᠤᠷᠮᠠᠰᠢᠭᠤᠯᠬᠤ ᠪᠠᠲᠤᠯᠠᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠬᠢᠭᠡᠳ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ ᠂  ᠴᠢᠳᠠᠪᠤᠷᠢᠲᠠᠨ  ᠬᠢᠭᠡᠳ ᠠᠵᠢᠯ ᠦᠢᠯᠡᠰ ᠤᠨ ︽ ᠬᠣᠣᠰ ᠴᠢᠭᠯᠡᠯ ᠢᠶᠡᠷ ᠤᠷᠤᠭᠰᠢᠯᠠᠬᠤ︾ ᠶᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭᠡ ᠶᠢᠨ ᠭᠦᠨᠵᠡᠭᠡᠢ ᠬᠠᠮᠲᠤᠷᠠᠯᠴᠠᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠢᠳᠡᠪᠬᠢᠲᠡᠢ ᠪᠠᠷ ᠬᠥᠮᠥᠵᠢᠭᠦᠯᠵᠦ᠂ ᠣᠷᠣᠨ ᠨᠤᠲᠤᠭ ᠤᠨ ᠤᠷᠠᠨ ᠳᠠᠷᠬᠠᠨ ᠢ ᠡᠷᠢᠵᠦ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠭᠠᠳᠠᠨ᠎ᠠ ᠪᠠᠶᠢᠭ᠎ᠠ ᠰᠣᠳᠣᠨ ᠴᠢᠳᠠᠪᠤᠷᠢᠲᠠᠨ ᠢ ᠵᠢᠯᠣᠭᠣᠳᠣᠨ ᠨᠤᠲᠤᠭ ᠣᠷᠣᠨ ᠤ ᠬᠥᠭᠵᠢᠯᠲᠡ ᠳᠦ ᠬᠥᠭᠦᠷᠭᠡ ᠬᠤᠯᠪᠣᠭᠠᠰᠤ  ᠪᠣᠯᠵᠤ ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠡᠯ᠎ᠡ ᠲᠠᠯ᠎ᠠ ᠶᠢᠨ ᠬᠦᠴᠦᠨ ᠢ ᠬᠠᠮᠲᠤᠷᠠᠭᠤᠯᠤᠨ᠂ ᠨᠤᠲᠤᠭ ᠣᠷᠣᠨ ᠤ ᠬᠥᠭᠵᠢᠯᠲᠡ ᠳᠦ ᠬᠦᠴᠦᠨ ᠨᠡᠮᠡᠷᠢᠯᠡᠨ᠎ᠡ᠃ ︽ ᠮᠡᠷᠭᠡᠵᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ︾᠂ ︽ᠪᠣᠷᠣᠲᠣᠬᠤᠶ ᠶᠢᠨ ᠤᠷᠠᠨ ᠳᠠᠷᠬᠠᠨ︾  ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠲᠠᠰ ᠦᠨ ᠳᠤᠲᠠᠭᠳᠠᠵᠤ ᠪᠠᠢᠭ᠎ᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ 100 ᠬᠥᠮᠦᠨ ᠠᠴᠠ ᠳᠡᠭᠡᠭᠰᠢ ᠣᠷᠣᠭᠤᠯᠤᠨ ᠠᠪᠴᠢᠷᠠᠵᠤ᠂ ᠮᠡᠷᠭᠡᠵᠢᠯ ᠦᠨ ᠴᠢᠳᠠᠪᠤᠷᠢᠲᠠᠨ ᠢ 3000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠨᠠᠩ ᠣᠯᠠᠨ ︽ ᠣᠨᠴᠠ ᠴᠢᠳᠠᠪᠣᠷᠢᠳᠠᠨ︾  ᠪᠠᠶᠠᠨᠨᠠᠭᠤᠷ ᠲᠤ ᠴᠢᠷᠮᠠᠢᠨ  ᠲᠡᠮᠡᠦᠯᠵᠦ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠨ᠎ᠠ᠃      ᠠᠷᠠᠳ ᠲᠦᠮᠡᠨ ᠤ ᠰᠡᠳᠬᠢᠯ ᠳ᠋ᠣ᠋ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ ᠬᠥᠮᠦᠵᠢᠯ ᠤᠨ ᠴᠢᠨᠠᠷ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠰᠤᠷᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠪᠣᠯᠭᠠᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠤᠯᠠᠨ ᠶᠠᠩᠵᠤᠴᠢᠯᠠᠨ ᠬᠥᠭᠵᠢᠭᠦᠯᠬᠦ ᠶᠢ ᠠᠬᠢᠭᠤᠯᠵᠤ᠂ ᠨᠡᠩ ᠤᠯᠠᠨ ᠬᠡᠦᠬᠡᠳ ᠢ ᠴᠢᠷᠮᠠᠢᠯᠭ᠎ᠠ ᠪᠠᠷ ᠳᠠᠮᠵᠢᠨ ᠥᠪᠡᠷ ᠦᠨ ᠪᠡᠶ᠎ᠡ ᠪᠡᠨ ᠳᠠᠪᠠᠨ ᠨᠡᠩ ᠬᠠᠨᠤᠮᠵᠢᠲᠠᠢ ᠶᠡᠭᠡ ᠰᠤᠷᠭᠠᠭᠤᠯᠢ  ᠳᠦ ᠣᠷᠣᠭᠣᠯᠣᠨ᠎ᠠ᠃ ᠰᠤᠷᠭᠠᠨ ᠬᠥᠮᠦᠵᠢᠯ ᠤᠨ ᠠᠭᠤᠯᠤᠭᠳᠠᠬᠤᠨ ᠦ ᠬᠡᠯᠪᠡᠷᠢ ᠪᠦᠬᠦᠢ ᠬᠥᠭᠵᠢᠯᠲᠡ ᠶᠢ ᠠᠬᠢᠭᠤᠯᠵᠤ᠂  ᠦᠵᠡᠯ ᠰᠠᠨᠠᠭ᠎ᠠ ᠶᠢ ᠨᠢ ᠪᠣᠯᠪᠠᠰᠤᠨ ᠪᠣᠯᠭᠠᠵᠤ᠂ ᠪᠡᠶ᠎ᠡ ᠮᠠᠬᠠᠪᠣᠳ ᠢ ᠨᠢ ᠴᠢᠬᠢᠷᠠᠭ ᠪᠣᠯᠭᠠᠵᠤ᠂  ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ ᠃ ᠪᠢᠴᠢᠭ  ᠤᠨ ᠰᠣᠷᠪᠣᠯᠵᠢᠲᠣ ᠰᠣᠷᠭᠠᠭᠣᠯᠢ  ᠶᠢ ᠪᠠᠢᠭᠤᠯᠵᠤ᠂ ᠨᠣᠮ ᠣᠩᠰᠢᠬᠤ ᠪᠠᠬᠠᠲᠠᠢ᠂ ᠰᠠᠢᠨ ᠨᠣᠮ ᠣᠩᠰᠢᠬᠤ᠂  ᠨᠣᠮ ᠦᠵᠡᠬᠦ  ᠳ᠋ᠣ᠋ ᠪᠡᠨ ᠴᠢᠳᠠᠮᠠᠭᠠᠢ ᠬᠦᠨ ᠵᠣᠵᠠᠭᠠᠨ ᠠᠭᠣᠷ ᠠᠮᠢᠰᠬᠣᠯ  ᠢ ᠪᠤᠢ ᠪᠣᠯᠭᠠᠨ᠎ᠠ᠃ ᠲᠠᠮᠢᠷ ᠤᠨ ᠪᠣᠯᠪᠠᠰᠣᠷᠠᠯ  ᠢ ᠴᠢᠩᠭᠠᠳᠬᠠᠨ᠂  ᠬᠡᠦᠬᠡᠳ ᠦᠳ ᠪᠡᠶ᠎ᠡ ᠮᠠᠬᠠᠪᠤᠳ ᠴᠢᠬᠢᠷᠠᠭ᠂ ᠲᠠᠮᠢᠷ ᠤᠨ ᠪᠣᠯᠪᠠᠰᠤᠷᠠᠯ ᠰᠠᠢᠲᠠᠢ᠂ ︽ ᠨᠢᠳᠣᠨ ᠰᠢᠯ ᠲᠠᠢ ᠬᠡᠦᠬᠡᠳ︾᠂  ︽ᠲᠠᠷᠭᠣᠨ ᠬᠡᠣᠬᠡᠳ ︾ ᠢ ᠴᠥᠬᠡᠨ ᠪᠣᠯᠭᠠᠨ᠎ᠠ᠃ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠪᠣᠯᠪᠠᠰᠤᠷᠠᠯ ᠤᠨ ᠴᠢᠨᠠᠷ ᠪᠦᠲᠦᠮᠵᠢ ᠶᠢ ᠳᠡᠭᠡᠭᠰᠢᠯᠡᠭᠦᠯᠦᠨ᠂ 500 ᠠᠴᠠ ᠳᠡᠭᠡᠭᠰᠢ ᠪᠠᠭᠰᠢ ᠶᠢ ᠤᠷᠢᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠪᠠᠶᠠᠨᠨᠠᠭᠤᠷ ᠬᠤᠲᠠ ᠶᠢᠨ ᠳᠤᠮᠳᠠᠳᠤ ᠰᠤᠷᠭᠠᠭᠤᠯᠢ ᠶᠢ ᠪᠠᠶᠢᠭᠤᠯᠵᠤ ᠂  ᠯᠢᠨ ᠾᠧ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠮᠢᠩ ᠵᠦ ᠵᠠᠮ ᠤᠨ ᠬᠡᠤᠬᠡᠳ ᠤᠨ ᠴᠡᠴᠡᠷᠯᠢᠭ ᠢ ᠪᠠᠶᠢᠭᠤᠯᠵᠤ᠂ 1770 ᠡᠷᠳᠡᠮ ᠤᠨ ᠴᠣᠯᠠ ᠰᠢᠨ᠎ᠡ ᠪᠠᠷ ᠨᠡᠮᠡᠭᠳᠡᠬᠦᠯᠦᠨ᠎ᠡ᠃ ᠪᠠᠶᠠᠨᠨᠠᠭᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠠᠶᠢᠭᠤᠯᠵᠤ ᠂  ᠪᠣᠷᠣᠲᠣᠬᠤᠢ ᠶᠢᠨ ᠳᠡᠭᠡᠳᠦ ᠰᠤᠷᠭᠠᠭᠤᠯᠢ ᠶᠢᠨ ᠮᠠᠰᠲ᠋ᠧᠷ ᠤᠨ  ᠡᠷᠳᠡᠮ ᠤᠨ ᠴᠣᠯᠠ ᠣᠯᠭᠤᠬᠤ ᠨᠢᠭᠡᠴᠡ᠂ ᠬᠢᠲᠠᠳ ᠡᠮᠨᠡᠯᠭᠡ ᠶᠢᠨ ᠵᠢᠩᠬᠢᠨᠢ ᠠᠩᠭᠢ ᠶᠢᠨ ᠲᠥᠷᠥᠯ ᠤᠨ ᠲᠤᠰᠬᠠᠶ ᠮᠡᠷᠭᠡᠵᠢᠯ ᠢ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃    (ᠭᠤᠷᠪᠠ) ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠬᠦ ᠶᠢ ᠵᠡᠷᠭᠡᠪᠡᠷ ᠬᠡᠷᠡᠭᠵᠢᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠲᠥᠪᠯᠡᠷᠡᠭᠦᠯᠵᠦ᠂ ᠠᠵᠤ ᠠᠬᠤᠶᠢᠯᠠᠯ ᠢ ᠠᠳᠬᠤᠵᠤ᠂ ᠠᠵᠤ ᠦᠢᠯᠡᠰ ᠢ ᠬᠦᠴᠦᠷᠬᠡᠭᠵᠢᠭᠦᠯᠬᠦ᠂ ᠰᠦᠷᠦᠭᠵᠢᠯ ᠢ ᠪᠠᠶᠢᠭᠤᠯᠵᠤ᠂ ᠰᠢᠨ᠎ᠡ ᠬᠦᠳᠡᠯᠭᠡᠭᠦᠷ ᠦᠨ ᠠᠰᠢᠭᠲᠠᠢ ᠬᠠᠨᠳᠤᠰᠢ ᠪᠠᠢᠳᠠᠯ ᠪᠦᠷᠢᠯᠳᠦᠨ ᠲᠣᠭᠲᠠᠵᠤ᠂ ᠤᠯᠠᠮᠵᠢᠯᠠᠯᠲᠤ  ᠬᠦᠳᠡᠯᠭᠡᠭᠦᠷ ᠢ ᠰᠢᠨᠡᠴᠢᠯᠡᠨ ᠳᠡᠰ ᠳᠡᠪᠰᠢᠭᠦᠯᠬᠦ ᠶᠢ ᠠᠬᠢᠭᠤᠯᠵᠤ᠂ ᠠᠵᠤ ᠠᠬᠤᠢ ᠶᠢᠨ ᠬᠡᠮᠵᠢᠶ᠎ᠡ ᠶᠢ ᠪᠤᠵᠠᠭᠠᠶᠢᠷᠠᠭᠤᠯᠵᠤ᠂ ᠬᠦᠷᠦᠩᠭᠡ ᠪᠡᠨ ᠭᠦᠢᠴᠡᠳ ᠬᠤᠷᠠᠮᠳᠤᠭᠤᠯᠤᠨ᠎ᠠ᠃      ᠠᠵᠤ ᠦᠢᠯᠡᠳᠪᠦᠷᠢᠵᠢᠯᠲᠡ᠂ ᠬᠤᠳᠠᠯᠳᠤᠭᠠᠴᠢᠯᠠᠬᠤ ᠰᠡᠳᠬᠢᠬᠦᠢ ᠪᠠᠷ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡ ᠪᠡᠷ ᠬᠦᠭᠵᠢᠬᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 550 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠢᠳᠡᠰᠢᠨ ᠲᠤᠰᠤᠨ ᠤ ᠲᠠᠷᠢᠮᠠᠯ ᠤᠨ ᠥᠷᠭᠡᠨ ᠬᠡᠪᠴᠢᠶᠡᠨ  ᠤ ᠲᠡᠩᠴᠡᠭᠦᠷᠢᠲᠡᠢ ᠤᠨᠠᠯᠲᠠ ᠶᠢ ᠠᠬᠢᠭᠤᠯᠵᠤ᠂ ᠪᠣᠭᠤᠳᠠᠶ ᠶᠢᠨ ᠬᠡᠮᠵᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠬᠦᠯᠵᠦ᠂ ᠲᠠᠯᠠᠪᠠᠢ ᠨᠢᠭᠡᠴᠢ ᠶᠢᠨ ᠣᠨᠠᠯᠲᠠ  ᠶᠢ ᠳᠡᠭᠡᠭᠰᠢᠯᠡᠬᠦᠯᠬᠦ ᠵᠢᠱᠢᠶ᠎ᠠ ᠦᠵᠡᠬᠦᠯᠬᠦ ᠣᠷᠣᠨ ᠢ 180 ᠲᠦᠮᠡᠨ ᠮᠣ᠋᠂ ᠲᠣᠨ ᠤ ᠲᠠᠷᠢᠶ᠎ᠠ ᠶᠢ  310  ᠲᠦᠮᠡᠨ ᠮᠣ᠋ ᠪᠠᠢᠭᠤᠯᠤᠨ᠎ᠠ︔ ᠲᠠᠷᠢᠶᠠᠨ ᠭᠠᠵᠠᠷ ᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ 160 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 30.2 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ ᠵᠠᠰᠠᠨ᠎ᠠ᠃ ︽ᠨᠣᠭᠣᠭᠠᠨ ᠰᠠᠭᠰᠣ︾   ᠲᠣᠭᠲᠠᠭᠣᠨ ᠭᠠᠷᠤᠯᠲᠠ ᠲᠠᠢ ᠬᠠᠩᠭᠠᠯᠭ᠎ᠠ  ᠶᠢ ᠪᠠᠲᠣᠯᠠᠬᠤ ᠶ᠋ᠢ ᠴᠢᠩᠭᠠᠳᠬᠠᠵᠤ᠂ ᠲᠦᠬᠦᠭᠡᠷᠦᠮᠵᠢᠲᠣ ᠲᠠᠷᠢᠶᠠᠯᠠᠩ 2.8 ᠲᠦᠮᠡᠨ ᠮᠣ᠋  ᠡᠴᠡ ᠳᠡᠭᠡᠭᠰᠢ᠂ ᠲᠠᠷᠢᠶᠠᠯᠠᠩ ᠤᠨ ᠵᠢᠱᠢᠶ᠎ᠡ ᠦᠵᠡᠬᠦᠯᠬᠦ ᠲᠣᠭᠣᠷᠢᠭ 103᠂ ᠣᠶᠣᠨᠴᠢᠯᠠᠭᠰᠠᠨ ᠮᠠᠯᠵᠢᠯ  ᠤᠨ ᠲᠠᠯᠠᠪᠠᠢ 38 ᠶᠢ ᠰᠢᠨ᠎ᠡ  ᠪᠡᠷ  ᠵᠠᠰᠠᠨ ᠦᠷᠭᠡᠳᠭᠡᠨ ᠪᠠᠢᠭᠤᠯᠵᠤ᠂ ᠪᠦᠬᠦ ᠬᠣᠲᠠ ᠶᠢᠨ ᠮᠢᠬᠠᠨ ᠤ ᠵᠦᠢᠯ ᠦᠨ ᠭᠠᠷᠤᠯᠲᠠ ᠶᠢ 50 ᠲᠦᠮᠡᠨ ᠲᠣᠨ ᠠᠴᠠ ᠳᠡᠭᠡᠭᠰᠢ ᠳᠦ ᠬᠦᠷᠦᠭᠦᠯᠵᠦ᠂ ᠦᠨᠢᠶᠡᠨ  ᠰᠦᠨ  ᠦ  ᠭᠠᠷᠤᠯᠲᠠ  ᠶᠢ  140  ᠲᠦᠮᠡᠨ ᠲᠣᠨ  ᠳᠤ  ᠬᠦᠷᠦᠬᠦᠯᠵᠦ ᠂  ︽ ᠲᠣᠮᠳᠠᠲᠣ ᠶᠢᠨ ᠠᠶᠠᠭ᠎ᠠ ︾  ᠳ᠋ᠣ᠋  ᠨᠡᠩ  ᠣᠯᠠᠨ ︽ ᠪᠣᠷᠣᠲᠣᠬᠣᠢ ᠶᠢᠨ ᠠᠮᠤ︾    ᠠᠭᠣᠯᠣᠭᠣᠯᠣᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠮᠠᠢ 13 ᠳ᠋ᠤᠭᠠᠷ ᠲᠣᠭᠠᠲᠤ᠂ ᠬᠣᠶᠠᠷ ᠪᠣᠭᠳᠠ ᠶᠢᠨ ᠴᠠᠭᠠᠨ ᠨᠣᠣᠯᠣᠭᠤᠷ ᠤᠨ ᠢᠮᠠᠭ᠎ᠠ᠂ ᠪᠣᠷᠣᠲᠣᠬᠤᠶ ᠶᠢᠨ ᠲᠣᠮᠣ ᠴᠢᠬᠢᠲᠦ ᠭᠠᠭ᠋ᠠᠶ ᠵᠡᠷᠭᠡ ᠳᠠᠪᠠᠭᠤᠯᠢᠭ ᠤᠨᠴᠠᠯᠢᠭᠳᠤ ᠡᠭᠦᠯᠳᠡᠷ ᠢ ᠬᠠᠮᠠᠭᠠᠯᠠᠨ ᠠᠰᠢᠭᠯᠠᠬᠤ ᠶᠢ ᠰᠠᠶᠢᠲᠤᠷ ᠠᠳᠬᠤᠨ᠎ᠠ᠃ ᠥᠪᠥᠷ ᠮᠣᠩᠭᠤᠯ ᠤᠨ ᠪᠣᠭᠤᠳᠠᠶ ᠶᠢᠨ ᠠᠵᠤ ᠦᠢᠯᠡᠰ ᠤᠨ ᠬᠡᠮᠵᠢᠨ ᠲᠤᠷᠰᠢᠬᠤ ᠲᠥᠪ ᠢ ᠪᠡᠯᠡᠳᠬᠡᠨ ᠪᠠᠶᠢᠭᠤᠯᠵᠤ᠂ ︽ᠦᠶᠤᠸᠠᠨ ᠤ ᠨᠡᠷᠡᠨ ᠬᠣᠸᠠᠷ ︾  ᠤᠨ ᠤᠯᠤᠰ ᠤᠨ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠢ ᠬᠠᠮᠠᠭᠠᠯᠠᠬᠤ ᠵᠢᠱᠢᠶ᠎ᠡ ᠦᠵᠡᠭᠦᠯᠬᠦ ᠣᠷᠣᠨ ᠤ ᠰᠢᠯᠭᠠᠨ ᠠᠪᠬᠤ ᠶᠢ ᠪᠡᠶᠡᠯᠡᠭᠦᠯᠦᠨ᠎ᠡ᠃ ︽ᠲᠡᠭᠷᠢ ᠶᠢᠨ ᠬᠡᠰᠢᠭᠲᠦ ᠪᠣᠷᠣᠲᠣᠬᠤᠶ︾  ᠨᠠᠷᠠᠲᠤ ᠲᠡᠮᠳᠡᠭ ᠢ ᠵᠠᠬ᠎ᠠ ᠳᠡᠯᠭᠡᠭᠦᠷᠴᠢᠯᠡᠨ ᠬᠡᠷᠡᠭᠯᠡᠵᠦ᠂ ︽ᠥᠪᠥᠷ ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾᠂ ︽ᠪᠣᠬᠢᠷᠲᠤᠯ ᠥᠬᠡᠶ ᠪᠦᠲᠦᠭᠡᠭᠳᠡᠬᠦᠨ ᠢ ᠭᠠᠳᠠᠭᠰᠢ ᠭᠠᠷᠭᠠᠬᠤ︾ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠩ ᠣᠯᠠᠨ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ ᠳᠤ ᠣᠷᠣᠭᠤᠯᠵᠤ᠂ ᠣᠷᠣᠨ ᠤ ᠳᠣᠲᠣᠷᠠᠬᠢ ᠨᠠᠩ ᠣᠯᠠᠨ ᠵᠠᠬ᠎ᠠ ᠳᠡᠯᠭᠡᠭᠦᠷ ᠤᠨ ᠬᠤᠪᠢ ᠶᠢ ᠡᠵᠡᠯᠡᠵᠦ᠂ ᠣᠷᠣᠨ ᠤ ᠭᠠᠳᠠᠨᠠᠬᠢ ᠨᠠᠩ ᠣᠯᠠᠨ ᠳᠡᠭᠡᠳᠦ ᠲᠠᠰ ᠤᠨ ᠵᠠᠬ᠎ᠠ ᠳᠡᠯᠭᠡᠭᠦᠷ ᠢ ᠥᠷᠭᠡᠳᠬᠡᠨ᠂ ᠮᠠᠯᠴᠢᠨ ᠲᠠᠷᠢᠶᠠᠴᠢᠨ ᠢ ᠢᠯᠡᠭᠦᠦ ᠮᠥᠩᠭᠥ ᠣᠯᠭᠣᠬᠣ᠂ ᠠᠵᠤ ᠠᠬᠤᠶᠢᠯᠠᠯ ᠢ ᠢᠯᠡᠭᠦᠦ ᠠᠰᠢᠭ  ᠣᠯᠭᠣᠬᠣ᠂ ᠬᠡᠷᠡᠭᠯᠡᠭᠴᠢᠳ ᠢ ᠨᠠᠩ ᠬᠠᠨᠤᠮᠵᠢᠲᠠᠶ  ᠪᠠᠢᠯᠭᠠᠬᠤ ᠣᠯᠠᠨ ᠲᠠᠯ᠎ᠠ ᠪᠠᠷ ᠠᠰᠢᠭ ᠬᠦᠷᠲᠡᠬᠦ ᠪᠠᠢᠳᠠᠯ ᠢ ᠪᠤᠢ ᠪᠣᠯᠭᠠᠨ᠎ᠠ᠃      ᠲᠠᠷᠢᠶᠠᠯᠠᠩ ᠦᠨ ᠡᠬᠢ ᠪᠠᠶᠠᠯᠢᠭ ᠡᠯᠪᠡᠭ ᠭᠠᠵᠠᠷ ᠣᠷᠤᠨ ᠳ᠋ᠤ ᠠᠵᠤ ᠦᠢᠯᠡᠳᠪᠦᠷᠢᠵᠢᠯᠲᠠ ᠶ᠋ᠢᠨ ᠵᠠᠮ ᠢ ᠨᠡᠭᠡᠭᠡᠨ᠌᠎ᠡ ᠃ ᠵᠠᠭᠤᠨ ᠳ᠋ᠦᠩᠰᠢᠭᠤᠷ ᠠᠵᠤ ᠠᠬᠤᠶᠢᠯᠠᠯ᠂ ᠵᠠᠭᠤᠨ ᠳ᠋ᠦᠩᠰᠢᠭᠤᠷ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 15 ᠠᠴᠠ ᠳᠡᠭᠡᠭᠰᠢ᠂ ᠲᠤᠰᠬᠠᠶ ᠨᠠᠷᠢᠯᠢᠭ ᠣᠨᠴᠠ ᠰᠢᠨ᠎ᠡ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠯᠢᠶᠠᠨ ᠪᠠᠩ ᠡᠮ ᠦᠶᠯᠡᠳᠬᠦ᠂ ᠹᠸᠢ ᠱᠠᠩ ᠵᠡᠰ ᠤᠨ ᠦᠶᠯᠡᠰ᠂ ᠪᠠᠷᠠᠭᠤᠨ ᠣᠷᠣᠨ ᠤ ᠵᠡᠰ ᠤᠨ ᠮᠠᠲ᠋ᠧᠷᠢᠶᠠᠯ ᠵᠡᠷᠭᠡ ᠠᠵᠤ ᠠᠬᠤᠶᠢᠯᠠᠯ ᠢ ᠠᠯᠬᠤᠮ ᠠᠯᠬᠤᠮ ᠢᠶᠠᠷ ᠵᠠᠭᠤᠨ ᠳ᠋ᠦᠩᠰᠢᠭᠤᠷ ᠦᠨ ᠠᠵᠤ ᠠᠬᠤᠶᠢᠯᠠᠯ ᠪᠣᠯᠭᠠᠨ ᠪᠤᠶᠢᠵᠢᠭᠤᠯᠵᠤ᠂ ᠾᠸᠢ ᠮᠤᠤ ᠬᠢᠮᠢ ᠶᠢᠨ ᠠᠵᠤ ᠦᠶᠯᠡᠳᠪᠦᠷᠢ᠂ ᠪᠠᠶᠠᠨ ᠴᠢᠯᠠᠭᠤᠨ ᠲᠣᠰᠣᠨ ᠤ ᠠᠭᠤᠷᠬᠠᠶ ᠵᠡᠷᠭᠡ ᠠᠵᠤ ᠠᠬᠤᠶᠢᠯᠠᠯ ᠢ ᠲᠠᠪᠢᠨ ᠳ᠋ᠦᠩᠰᠢᠭᠤᠷ ᠤᠨ ᠠᠵᠤ ᠠᠬᠤᠶᠢᠯᠠᠯ ᠪᠣᠯᠭᠠᠨ ᠪᠤᠶᠢᠵᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠤ ᠦᠶᠯᠡᠰ ᠢ ᠵᠠᠭᠤᠨ ᠳ᠋ᠦᠩᠰᠢᠭᠤᠷ ᠤᠨ ᠠᠵᠤ ᠦᠶᠯᠡᠰ ᠤᠨ ᠰᠦᠷᠦᠭᠵᠢᠯ ᠪᠣᠯᠭᠠᠨ ᠪᠤᠶᠢᠵᠢᠭᠤᠯᠤᠨ᠎ᠠ᠃ ᠢᠳᠡᠭᠡᠨ ᠤ ᠵᠦᠢᠯ ᠤᠨ ᠠᠵᠤ ᠦᠢᠯᠡᠳᠪᠦᠷᠢᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ 11 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠲᠡᠢᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠳᠡᠰ ᠲᠡᠢᠰᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ ᠂  ᠠᠵᠤ ᠠᠬᠤᠢᠯᠠᠯ ᠪᠣᠯᠣᠨ  ᠣᠯᠣᠰ  ᠤᠨ  ᠲᠣᠲᠣᠭᠠᠲᠣ ᠶᠢᠨ ᠨᠠᠷᠠᠲᠣ ᠲᠣᠷᠰᠢᠯᠲᠠ ᠶᠢᠨ ᠲᠠᠰᠣᠭ ᠂ ᠡᠷᠳᠡᠮ ᠰᠢᠨᠵᠢᠯᠡᠭᠡᠨ ᠦ ᠪᠠᠢᠭᠤᠯᠤᠮᠵᠢ  ᠶᠢᠨ ᠲᠥᠯᠥᠭᠡ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠲᠠᠪᠴᠠᠩ  ᠪᠠᠢᠭᠤᠯᠵᠤ᠂ ᠴᠢᠳᠠᠮᠵᠢᠲᠣ ᠢᠳᠡᠭᠡᠨ᠂ ᠰᠢᠮ᠎ᠡ ᠲᠡᠵᠢᠬᠡᠯ ᠡᠷᠡᠭᠦᠯᠵᠢᠯ ᠦᠨ ᠪᠦᠲᠦᠭᠡᠭᠳᠡᠬᠦᠨ ᠵᠡᠷᠭᠡ ᠳᠡᠭᠡᠲᠣ ᠲᠡᠰ ᠦᠨ ᠦᠢᠯᠡᠳᠬᠦᠨ  ᠢ ᠨᠡᠭᠡᠭᠡᠨ ᠬᠦᠭᠵᠢᠬᠦᠯᠵᠦ᠂ ︽ᠨᠤᠲᠤᠭ ᠤᠨ ᠣᠨᠴᠠ ᠭᠠᠷᠤᠯᠲᠠ︾  ᠰᠢᠯᠢᠳᠡᠭᠵᠢᠭᠦᠯᠦᠨ ᠨᠠᠷᠢᠯᠢᠭᠵᠢᠭᠤᠯᠵᠤ ᠂ ︽ ᠲᠦᠭᠦᠬᠡᠢ ᠡᠳ᠋︾   ᠬᠤᠳᠠᠯᠳᠤᠬᠤ ᠠᠴᠠ ᠨᠡᠩ ᠤᠯᠠᠨ  ︽ᠪᠦᠲᠦᠭᠡᠭᠳᠡᠬᠦᠨ ᠪᠣᠷᠣᠯᠠᠭᠤᠯᠬᠤ︾ ᠲᠡᠢᠰᠢ ᠬᠣᠪᠢᠷᠠᠭᠣᠯᠣᠨ᠎ᠠ ᠃  ᠠᠭᠤᠷᠬᠠᠶ ᠶᠢᠨ ᠡᠬᠢ ᠪᠠᠶᠠᠯᠢᠭ ᠤᠨ ᠳᠠᠯᠳᠠ ᠬᠦᠴᠦᠨ ᠢ ᠭᠦᠨ ᠠᠭᠤᠳᠠᠯᠵᠤ ᠂  ᠪᠠᠶᠠᠨ ᠴᠢᠯᠠᠭᠤᠨ ᠲᠣᠰᠣᠨ ᠤ ᠠᠭᠤᠷᠬᠠᠶ ᠶᠢᠨ ᠵᠢᠯ ᠤᠨ ᠲᠦᠭᠦᠬᠡᠶ ᠲᠣᠰᠣᠨ ᠤ ᠭᠠᠷᠤᠯᠲᠠ ᠶᠢ 113 ᠲᠦᠮᠡᠨ ᠲᠣᠨ ᠠᠴᠠ ᠳᠡᠭᠡᠭᠰᠢ ᠪᠣᠯᠭᠠᠵᠤ ᠂ ᠨᠥᠬᠦᠴᠡᠯ ᠳᠤ ᠨᠡᠢᠴᠡᠬᠦ ᠠᠭᠤᠷᠬᠠᠶ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ  ᠢᠶᠠᠨ ᠰᠡᠷᠭᠦᠭᠡᠬᠦ ᠶᠢ ᠠᠬᠢᠭᠤᠯᠵᠤ ᠂ ᠵᠡᠰ ᠂ ᠲᠡᠮᠦᠷ ᠂  ᠴᠠᠶᠢᠷ ᠵᠡᠷᠭᠡ ᠡᠬᠢ ᠪᠠᠶᠠᠯᠢᠭ ᠤᠨ ᠨᠥᠭᠡᠴᠡ ᠪᠠᠨ ᠨᠡᠮᠡᠭᠳᠡᠭᠦᠯᠦᠨ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ᠂ ᠨᠢᠭᠡ ᠪᠦᠯᠦᠭ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠪᠠ ᠬᠡᠯᠬᠢᠶ᠎ᠡ ᠪᠠᠨ ᠤᠷᠲᠤᠳᠬᠠᠨ ᠬᠡᠯᠬᠢᠶ᠎ᠡ  ᠪᠠᠨ ᠨᠥᠬᠦᠪᠥᠷᠢᠯᠡᠬᠦ ᠲᠥᠷᠥᠯ  ᠵᠦᠢᠯ ᠢ ᠰᠦᠪᠡᠭᠴᠢᠯᠡᠨ ᠬᠡᠷᠡᠭᠵᠢᠭᠦᠯᠵᠦ ᠂  ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠠᠰᠢᠭ ᠢ ᠳᠡᠭᠡᠭᠰᠢᠯᠡᠬᠦᠯᠵᠦ᠂ ᠨᠡᠩ ᠠᠷᠪᠢᠨ ᠦᠷᠲᠡᠭ ᠤᠨ ᠨᠡᠮᠡᠭᠳᠡᠯ ᠠᠰᠢᠭ ᠣᠷᠣᠯᠭ᠎ᠠ ᠶᠢ ᠲᠣᠬᠠᠢ ᠶᠢᠨ ᠭᠠᠵᠠᠷ ᠲᠤᠨᠢ ᠦᠯᠡᠳᠡᠭᠡᠨ᠎ᠡ ᠃ ᠮᠦ ᠪᠦᠷᠢ ᠶᠢᠨ ᠦᠷ᠎ᠡ ᠠᠰᠢᠭ ᠢᠶᠠᠷ ᠰᠢᠯᠢᠳᠡᠭ ᠢ ᠰᠢᠯᠭᠠᠷᠠᠭᠤᠯᠬᠤ ᠶᠢ ᠪᠠᠷᠢᠮᠲᠠᠯᠠᠵᠤ ᠂  ᠦᠯᠡᠳᠡᠭᠡᠯ ᠭᠠᠵᠠᠷ ᠰᠢᠷᠣᠶ ᠶᠢ ᠠᠮᠢᠳᠤᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾  ᠲᠥᠯᠥᠪᠵᠢᠭᠦᠯᠭᠡ ᠶᠢᠨ ᠬᠤᠭᠤᠴᠠᠭᠠᠨ ᠳᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠂  ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠲᠦᠪᠯᠡᠷᠡᠯ᠂ ᠠᠷᠪᠢᠯᠠᠬᠤ᠂ ᠡᠷᠴᠢᠮᠵᠢᠭᠦᠯᠦᠭᠰᠡᠨ ᠴᠢᠳᠠᠮᠵᠢ ᠶᠢ ᠳᠡᠭᠡᠭᠰᠢᠯᠡᠭᠦᠯᠦᠨ᠂ ᠲᠥᠷᠥᠯ ᠵᠦᠶᠯ ᠤᠨ ᠭᠠᠷᠭᠠᠯᠲᠠ ᠶᠢᠨ ᠬᠤᠪᠢ ᠨᠡᠮᠡᠷᠢ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠵᠤ᠂ ᠬᠦᠷᠢᠶᠡᠯᠡᠩ ᠲᠣᠭᠤᠷᠢᠭ ᠤᠨ ︽ ᠦᠵᠡᠭᠦᠯᠬᠦ ᠳᠡᠯᠭᠡᠭᠡᠬᠦ ᠠᠳᠠᠯᠢᠳᠬᠠᠬᠤ  ᠦᠨᠡᠯᠡᠬᠦ ︾ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠥᠬᠦᠶ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ᠂ ᠦᠢᠯᠡᠳᠬᠦᠨ ᠤ ᠶᠡᠷᠣᠩᠬᠡᠢ ᠦᠷᠲᠡᠭ  ᠢ1100 ᠳ᠋ᠦᠩᠰᠢᠭᠣᠷ ᠲᠦᠬᠦᠷᠢᠭ ᠠᠴᠠ ᠳᠠᠪᠠᠭᠤᠯᠤᠨ᠎ᠠ᠃ ᠯᠢᠨ ᠾᠧ ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠦᠨ ᠠᠵᠤ ᠦᠢᠯᠡᠰ ᠦᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠬᠠᠮᠵᠢᠯᠴᠠᠨ ᠬᠥᠭᠵᠢᠬᠦ ᠶᠢ ᠠᠬᠢᠭᠤᠯᠵᠤ᠂ ᠡᠯ᠎ᠡ ᠭᠠᠵᠠᠷ ᠤᠨ ᠣᠷᠣᠨ ᠠᠯᠤᠰᠯᠠᠭᠰᠠᠨ ᠨᠢᠰᠦᠭᠦᠷ ᠠᠵᠤ ᠠᠬᠤᠢ ᠶᠢᠨ ᠬᠠᠮᠲᠤᠷᠠᠯᠴᠠᠭ᠎ᠠ ᠶᠢ ᠳᠡᠮᠵᠢᠨ ᠵᠣᠷᠢᠭᠵᠢᠭᠤᠯᠤᠨ᠎ᠠ᠃ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢ ᠵᠠᠪᠳᠤᠨ ᠠᠳᠬᠣᠵᠣ ᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠠ ᠵᠠᠮ ᠱᠤᠭᠤᠮ ᠢ ᠬᠠᠮᠲᠤ ᠳᠤᠨᠢ ᠪᠠᠶᠢᠭᠤᠯᠬᠤ᠂  ᠦᠢᠯᠡᠳᠪᠦᠷᠢᠯᠡᠯ ᠦᠨ ᠴᠢᠳᠠᠪᠤᠷᠢ ᠪᠠ ᠬᠡᠮᠵᠢᠶ᠎ᠡ ᠶᠢ ᠬᠠᠮᠲᠤ ᠳᠤᠨᠢ ᠳᠡᠭᠡᠭᠰᠢᠯᠡᠭᠦᠯᠬᠦ᠂ ᠪᠠᠭᠲᠠᠭᠠᠨ ᠰᠢᠩᠭᠡᠭᠡᠬᠦ ᠪᠠ  ᠬᠤᠪᠢᠷᠠᠭᠤᠯᠬᠤ  ᠶᠢ ᠬᠠᠮᠲᠤ ᠳᠤᠨᠢ ᠠᠳᠬᠤᠵᠤ᠂ ᠣᠯᠠᠭᠠᠨᠪᠣᠬ᠎ᠠ ᠡᠯᠡᠰᠦ ᠴᠦᠯ ᠦᠨ ᠵᠡᠬᠦᠨ ᠬᠣᠢᠲᠣ  ᠣᠷᠣᠨ ᠤ ᠰᠢᠨ᠎ᠡ ᠡᠨᠧᠷᠭᠢ ᠶᠢᠨ  ᠶᠡᠬᠡ ᠰᠠᠭᠣᠷᠢᠨ ᠭᠠᠵᠠᠷ  ᠤᠨ ᠪᠦᠲᠦᠭᠡᠨ ᠪᠠᠢᠭᠤᠯᠤᠯᠲᠠ ᠶ᠋ᠢ ᠲᠦᠷᠭᠡᠳᠬᠡᠨ ᠠᠬᠢᠭᠣᠯᠵᠣ᠂ ᠵᠢᠯ ᠦᠨ ᠳᠣᠲᠤᠷ᠎ᠠ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠬᠤ ᠶᠢᠨ ᠬᠠᠮᠲᠤ᠂ ᠲᠦᠭᠦᠬᠡᠶ ᠮᠠᠲ᠋ᠧᠷᠢᠶᠠᠯ᠂ ᠡᠳ᠋ᠰᠢᠭᠦᠯᠬᠦ᠂ ᠠᠰᠢᠭᠯᠠᠬᠤ ᠦᠵᠦᠭᠦᠷ ᠢ ᠨᠡᠪᠲᠡᠷᠡᠯᠴᠡᠨ ᠬᠥᠭᠵᠢᠭᠦᠯᠬᠦ ᠶᠢ ᠵᠣᠷᠢᠭᠵᠢᠭᠤᠯᠤᠨ᠂ ᠬᠠᠩᠭᠠᠯᠭ᠎ᠠ ᠬᠡᠷᠡᠭᠴᠡᠭᠡ ᠶᠢᠨ ᠵᠣᠯᠭᠠᠭᠤᠯᠤᠯᠲᠠ ᠶᠢ ᠴᠢᠩᠭᠠᠳᠬᠠᠨ᠂ ᠬᠡᠷᠡᠭᠴᠡᠭᠡ ᠶᠢ ᠵᠠᠬᠢᠶᠠᠯᠠᠭ᠎ᠠ ᠶᠢᠨ ᠬᠠᠭᠤᠳᠠᠰᠤ ᠪᠣᠯᠭᠠᠵᠤ᠂ ᠦᠢᠯᠡᠳᠪᠦᠷᠢᠯᠡᠯ ᠦᠨ ᠴᠢᠳᠠᠪᠤᠷᠢ ᠶᠢ ᠦᠢᠯᠡᠳᠪᠦᠷᠢᠯᠡᠯ ᠦᠨ ᠬᠡᠮᠵᠢᠶ᠎ᠡ ᠪᠣᠯᠭᠠᠨ ᠬᠤᠪᠢᠷᠠᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠦᠶᠯᠡᠳᠬᠦ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠮᠣᠩᠭᠣᠯ ᠣᠯᠣᠰ ᠤᠨ ᠨᠡᠭᠦᠷᠡᠰᠦ ᠂  ᠤᠨ ᠨᠡᠭᠦᠷᠡᠰᠦ ᠬᠤᠷᠠᠮᠳᠤᠭᠰᠠᠨ ᠳᠠᠪᠠᠭᠤᠯᠢᠭ  ᠢ ᠪᠠᠳᠠᠷᠠᠭᠤᠯᠵᠤ ᠂ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠦ ᠭᠣᠤᠯ ᠬᠦᠢᠰᠦ ᠪᠣᠯᠤᠨ ᠬᠢᠯᠢ ᠥᠩᠭᠡᠷᠡᠬᠦ ᠡᠬᠢ ᠪᠠᠶᠠᠯᠢᠭ  ᠢ ᠲᠤᠬᠠᠢ ᠶᠢᠨ ᠭᠠᠵᠠᠷ ᠲᠤᠨᠢ ᠪᠣᠯᠪᠠᠰᠤᠷᠠᠭᠤᠯᠵᠤ ᠬᠤᠪᠢᠷᠠᠭᠤᠯᠬᠤ ᠠᠵᠤ ᠦᠢᠯᠡᠰ  ᠢ ᠲᠥᠯᠥᠪᠵᠢᠭᠦᠯᠦᠨ ᠪᠠᠶᠢᠷᠢᠰᠢᠭᠤᠯᠵᠤ ᠂  ᠾᠸᠢ ᠮᠣᠣ ᠶᠢᠨ100 ᠲᠦᠮᠡᠨ ᠲᠣᠨ ᠂ ᠤᠯᠤᠰ ᠤᠨ ᠡᠨᠧᠷᠭᠢ ᠶᠢᠨ 120 ᠲᠦᠮᠡᠨ ᠲᠣᠨ ᠬᠡᠦᠷᠰᠢᠭᠦᠯᠬᠦ ᠵᠡᠷᠭᠡ ᠲᠥᠷᠥᠯ ᠵᠦᠢᠯ  ᠢ ᠬᠡᠷᠡᠭᠵᠢᠭᠦᠯᠵᠦ ᠂ 《 ᠳᠠᠮᠵᠢᠭᠤᠯᠤᠭᠠᠳ ᠯᠡ ᠥᠩᠭᠡᠷᠡᠭᠦᠯᠬᠦ 》 ᠠᠰᠠᠭᠤᠳᠠᠯ  ᠢ ᠲᠦᠷᠭᠡᠳᠬᠡᠨ ᠰᠢᠶᠳᠪᠦᠷᠢᠯᠡᠨ᠎ᠡ ᠃ ᠲᠣᠣᠷ᠎ᠠ ᠠᠭᠠᠷ ᠤᠨ ᠠᠵᠤ ᠠᠬᠤᠢ᠂  ᠪᠣᠳᠣᠯᠭ᠎ᠠ  ᠶᠢᠨ ᠬᠦᠴᠦᠨ ᠦ ᠠᠵᠣ ᠦᠢᠯᠡᠰ ᠵᠡᠷᠭᠡ ᠶᠢᠨ ᠭᠦᠭᠵᠢᠯᠲᠡ ᠶᠢᠨ ᠴᠢᠭᠯᠡᠯ ᠳᠤ ᠲᠥᠪᠯᠡᠷᠡᠭᠦᠯᠵᠦ᠂ ᠪᠠᠷᠠᠭᠠᠯᠬᠢᠯᠠᠯ ᠤᠨ ᠴᠢᠨᠠᠷᠲᠠᠢ ᠪᠠᠢᠷᠢᠯᠠᠭᠤᠯᠤᠯᠲᠠ᠂ ᠰᠢᠨ᠎ᠡ ᠶᠢ ᠡᠬᠦᠳᠬᠦ ᠴᠢᠨᠠᠷᠲᠠᠢ ᠬᠠᠢᠨ ᠰᠦᠪᠡᠭᠴᠢᠯᠡᠯᠲᠡ ᠬᠢᠵᠦ᠂ ᠰᠢᠨ᠎ᠡ ᠠᠵᠣ ᠦᠢᠯᠡᠰ ᠤᠨ ᠰᠢᠨ᠎ᠡ ᠵᠠᠮ ᠢ ᠨᠡᠭᠡᠭᠡᠨ᠎ᠡ᠃      ᠠᠭᠤᠰᠤᠯᠴᠠᠨ ᠨᠡᠢᠯᠡᠭᠦᠯᠬᠦ ᠰᠡᠳᠭᠢᠬᠦᠢ ᠪᠡᠷ ᠣᠳᠣ ᠦᠶ᠎ᠡ ᠶ᠋ᠢᠨ ᠦᠢᠯᠡᠴᠢᠯᠡᠭᠡᠨ ᠦ᠌ ᠦᠢᠯᠡᠰ ᠢ᠋ ᠳᠡᠰ ᠳᠡᠪᠰᠢᠬᠦᠯᠦᠨ᠎ᠡ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠬᠦ ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠴᠢᠳᠠᠮᠵᠢ ᠶᠢ ᠳᠡᠭᠡᠭᠰᠢᠯᠡᠭᠦᠯᠬᠦ ᠶᠢ ᠲᠦᠷᠭᠡᠪᠴᠢᠯᠡᠨ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠺᠣᠮᠫᠠᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠵᠢᠭᠤᠯᠴᠢᠯᠠᠯ ᠤᠨ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠨᠡᠢᠳᠭᠡᠵᠦ ᠂ ︽ ᠮᠣᠨᠠ ᠠᠭᠤᠯᠠ ᠶᠢ ᠲᠣᠭᠣᠯᠣᠶ᠎ᠠ︾ ᠪᠥᠬᠦ ᠤᠯᠤᠰ ᠲᠤ ᠳᠠᠭᠤᠷᠢᠰᠤᠭᠰᠠᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠪᠣᠯᠭᠠᠵᠤ᠂ ᠣᠯᠠᠭᠠᠨᠰᠣᠬᠠᠢ ᠨᠠᠭᠣᠷ  ᠤᠨ ᠦᠵᠡᠮᠵᠢ ᠶᠢᠨ ᠣᠷᠣᠨ ᠤ ᠲᠡᠰ ᠲᠡᠪᠰᠢᠬᠦ ᠶᠢ ᠲᠦᠯᠬᠢᠨ ᠠᠬᠢᠭᠤᠯᠵᠤ ᠂ ᠠᠵᠤ ᠠᠬᠤᠢᠯᠠᠯ ᠤᠨ ᠬᠠᠮᠲᠣ ᠶᠢᠨ ᠰᠣᠷᠣᠯᠴᠠᠯᠭ᠎ᠠ ᠶᠢᠨ  ᠵᠢᠭᠤᠯᠴᠢᠯᠠᠯ᠂ ︽ ᠭᠠᠷ ᠭᠠᠷ ᠢᠶᠠᠨ ᠬᠤᠯᠪᠣᠯᠴᠠᠬᠤ︾ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠶᠢ ᠪᠠᠶᠠᠯᠢᠭᠵᠢᠭᠤᠯᠤᠨ᠎ᠠ᠃ ᠲᠠᠷᠢᠶᠠᠯᠠᠩ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠣᠷᠣᠲᠣᠬᠤᠢ ᠶᠢᠨ ᠰᠣᠶᠣᠯ ᠤᠷᠠᠯᠢᠭ ᠤᠨ ᠨᠠᠶᠢᠷ᠂ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠭᠠᠵᠠᠷ ᠣᠷᠣᠨ ᠤ  ᠪᠠᠶᠢᠳᠠᠯ ᠳᠠᠭᠠᠨ ᠲᠤᠬᠢᠷᠠᠭᠤᠯᠤᠨ  ᠤᠨᠴᠠᠯᠢᠬᠳᠤ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠵᠦ᠂ ᠨᠤᠲᠤᠭ ᠤᠨ ᠪᠠᠭᠤᠳᠠᠯ ᠢ ᠰᠢᠯᠢᠳᠡᠭᠵᠢᠭᠦᠯᠵᠦ᠂ ᠨᠤᠲᠤᠭ ᠤᠨ ᠳᠠᠢᠯᠠᠯᠭ᠎ᠠ ᠶᠢ ᠠᠮᠲᠠᠲᠠᠢ ᠬᠢᠵᠦ᠂ ᠨᠤᠲᠤᠭ ᠤᠨ ᠵᠦᠴᠦᠭᠡ ᠶᠢ ᠳᠠᠭᠤᠷᠢᠰᠤᠭᠤᠯᠵᠤ᠂ ᠨᠤᠲᠤᠭ ᠤᠨ ᠵᠤᠭᠠᠴᠠᠯ ᠢ ᠰᠣᠨᠢᠷᠬᠠᠯ ᠲᠠᠢ ᠪᠣᠯᠭᠠᠵᠤ᠂ ︽ᠢᠳᠡᠵᠦ ᠰᠠᠭᠤᠬᠤ ᠶᠠᠪᠤᠵᠤ ᠵᠤᠭᠠᠴᠠᠬᠤ ᠬᠤᠳᠠᠯᠳᠤᠨ ᠠᠪᠬᠤ ᠨᠠᠭᠠᠳᠬᠣ︾  ᠪᠦᠬᠦ ᠬᠡᠯᠬᠢᠶ᠎ᠡ ᠶᠢ ᠬᠢᠵᠦ ᠬᠥᠭᠵᠢᠭᠡᠨ᠎ᠡ᠃ ᠬᠥᠮᠥᠷᠭᠡᠯᠡᠨ ᠬᠠᠳᠠᠭᠠᠯᠠᠵᠤ ᠰᠣᠷᠭᠤᠭ ᠪᠠᠶᠢᠯᠭᠠᠬᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠡᠳᠡᠭᠡ ᠵᠠᠩᠭᠢ ᠶᠢᠨ ᠵᠥᠭᠡᠯᠡᠨ ᠲᠣᠨᠤᠭ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠶᠡᠬᠡᠪᠡᠷ ᠪᠤᠵᠠᠭᠠᠢᠷᠠᠭᠤᠯᠵᠤ ᠂  ᠰᠠᠯᠬᠢ ᠭᠡᠷᠡᠯ ᠦᠨ ᠲᠣᠨᠣᠭ ᠲᠥᠬᠦᠭᠡᠷᠦᠮᠵᠢ ᠶᠢᠨ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠦ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠲᠠᠷᠢᠶᠠᠯᠠᠩ ᠤᠨ ᠨᠡᠢᠭᠡᠮᠴᠢᠯᠡᠭᠰᠡᠨ ᠦᠢᠯᠡᠴᠢᠯᠡᠭᠡᠨ ᠦ ᠬᠢᠷᠢ ᠲᠦᠪᠰᠢᠨ ᠢ ᠳᠡᠭᠡᠭᠰᠢᠯᠡᠭᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ ᠲᠣᠨᠣᠭᠯᠠᠯ ᠦᠢᠯᠡᠳᠬᠦ ᠦᠢᠯᠡᠰ᠂ ᠤᠳᠤ ᠦᠶ᠎ᠡ ᠶᠢᠨ ᠲᠠᠷᠢᠶᠠᠯᠠᠩ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠳᠬᠦᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠠᠮᠢᠳᠤ ᠮᠠᠯ᠂ ᠦᠬᠡᠷ ᠬᠤᠨᠢᠨ ᠤ ᠬᠠᠰᠢᠶ᠎ᠠ ᠰᠠᠷᠠᠪᠴᠢ᠂ ᠲᠠᠷᠢᠶᠠᠯᠠᠩ ᠤᠨ ᠲᠥᠬᠦᠭᠡᠷᠦᠮᠵᠢ ᠵᠡᠷᠭᠡ ᠪᠠᠷᠢᠴᠠᠭᠠᠳᠤ ᠵᠢᠭᠡᠯᠡᠯᠭᠡ ᠶᠢ ᠨᠡᠮᠡᠭᠳᠡᠭᠦᠯᠵᠦ᠂ ᠤᠯᠠᠨ ᠶᠠᠩᠵᠤ ᠶᠢᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠨᠡᠩ ᠰᠠᠶᠢᠨ ᠬᠠᠩᠭᠠᠨ᠎ᠠ᠃    (ᠲᠦᠷᠪᠡ) ᠥᠭᠡᠷᠡᠴᠢᠯᠡᠯᠲᠡ ᠨᠡᠭᠡᠭᠡᠯᠲᠡ ᠶᠢᠨ ᠬᠤᠣᠰ ᠬᠦᠷᠳᠦᠲᠦ ᠬᠥᠳᠡᠯᠭᠡᠭᠦᠷ ᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ ︽ ᠰᠢᠢᠳᠪᠦᠷᠢᠯᠡᠬᠦᠢ ᠰᠡᠳᠬᠢᠭᠦᠢ︾ ᠪᠠᠲᠤ ᠪᠤᠢ ᠪᠣᠯᠭᠠᠵᠤ᠂ ︽ ᠰᠠᠢᠲᠤᠷ ᠰᠢᠢᠳᠪᠦᠷᠢᠯᠡᠬᠦ ᠰᠡᠳᠭᠢᠮᠵᠢ︾  ᠣᠨᠣᠪᠴᠢᠲᠠᠢ ᠣᠯᠵᠤ᠂ ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠡᠭᠡᠭᠡᠯᠲᠡ ᠪᠠᠷ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠣᠷᠣᠨ ᠵᠠᠢ ᠶᠢ ᠲᠠᠰᠤᠷᠠᠯᠲᠠ ᠦᠭᠡᠢ ᠦᠷᠭᠡᠳᠭᠡᠨ᠎ᠡ᠃      ᠨᠡᠩ ᠪᠣᠳᠠᠲᠠᠢ ᠠᠷᠭ᠎ᠠ ᠬᠡᠮᠵᠢᠶ᠎ᠡ ᠪᠡᠷ ᠭᠣᠣᠯᠳᠠᠯᠭ᠎ᠠ ᠲᠠᠢ ᠥᠭᠡᠷᠡᠴᠢᠯᠡᠯᠲᠡ ᠶᠢ ᠰᠠᠶᠢᠲᠤᠷ  ᠠᠳᠬᠣᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠶᠢ 6% ᠣᠷᠴᠢᠮ ᠨᠡᠮᠡᠭᠳᠡᠭᠦᠯᠵᠦ᠂ 46 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠠᠲᠠᠷ ᠬᠠᠭᠠᠯᠪᠤᠷᠢᠯᠠᠯᠲᠠ ᠶᠢᠨ ᠪᠦᠯᠦᠭᠵᠢᠯᠲᠡ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠠᠩᠭᠠᠨ ᠪᠣᠷᠣᠯᠠᠭᠤᠯᠬᠤ ᠬᠣᠷᠰᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠦᠨᠵᠭᠡᠢᠷᠡᠬᠦᠯᠦᠨ᠎ᠡ᠃ ᠨᠠᠩ ᠥᠨᠳᠥᠷ ᠪᠠᠷᠢᠮᠵᠢᠶ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ᠤᠳᠤᠷᠢᠳᠤᠯᠭ᠎ᠠ ᠺᠠᠳ᠋ᠷ ᠤᠨ︽ᠠᠵᠢᠯ ᠤᠨ ᠶᠠᠪᠤᠴᠠ ᠶᠢ ᠭᠦᠢᠴᠡᠳᠬᠡᠬᠦ︾ ᠠᠵᠢᠯᠯᠠᠭ᠎ᠠ ᠶᠢ ᠪᠠᠢᠩᠭᠤᠵᠢᠭᠤᠯᠤᠨ ᠥᠷᠨᠢᠭᠦᠯᠵᠦ᠂ ᠥᠨᠳᠥᠷ ᠳᠠᠪᠲᠠᠮᠵᠢᠲᠤ ᠵᠦᠢᠯᠡᠰ ᠤᠨ ᠰᠢᠯᠢᠳᠡᠭᠵᠢᠭᠦᠯᠦᠭᠰᠡᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾  ᠨᠠᠩ ᠶᠡᠭᠡ ᠬᠡᠪᠴᠢᠶ᠎ᠡ ᠪᠠᠷ ᠳᠡᠯᠭᠡᠷᠡᠭᠦᠯᠵᠦ᠂ ᠣᠯᠠᠨ ᠲᠦᠮᠡᠨ ᠢ ᠶᠠᠪᠤᠳᠠᠯ ᠭᠦᠢᠴᠡᠳᠭᠡᠬᠦ ᠳᠤ ᠬᠥᠮᠦᠨ ᠢ ᠭᠤᠶᠤᠬᠤ ᠦᠭᠡᠢ ᠂  ᠠᠵᠤ ᠠᠬᠤᠶᠢᠯᠠᠯ  ᠢ ᠶᠠᠪᠤᠳᠠᠯ ᠭᠦᠢᠴᠡᠳᠭᠡᠬᠦ ᠳᠤ ᠶᠠᠷᠰᠢᠭ ᠦᠭᠡᠢ ᠪᠣᠯᠭᠠᠨ᠎ᠠ᠃ ᠠᠮᠢ ᠠᠬᠤᠶ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂  ᠠᠮᠢ ᠠᠬᠤᠶ ᠶᠢᠨ ᠪᠥᠲᠥᠭᠡᠨ  ᠪᠠᠶᠢᠭᠤᠯᠤᠯᠲᠠ ᠶᠢᠨ  ᠦᠷ᠎ᠡ ᠪᠦᠲᠦᠮᠵᠢ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠪᠠ ᠣᠶ ᠰᠢᠭᠤᠶ  ᠨᠤᠲᠤᠭ  ᠪᠡᠯᠴᠢᠭᠡᠷ ᠨᠤᠭᠤ ᠭᠠᠵᠠᠷ ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠲᠦᠷᠭᠡᠨ ᠢᠶᠠᠷ ᠪᠠᠶᠢᠴᠠᠭᠠᠨ ᠰᠢᠶᠳᠪᠦᠷᠢᠯᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃  ᠬᠣᠲᠠ ᠶᠢᠨ ᠳᠡᠰ ᠦᠨ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠣᠣᠯ ᠵᠢᠭᠰᠠᠭᠠᠯ ᠤᠨ ᠭᠠᠵᠠᠷ ᠢ ᠪᠠᠲᠤ ᠰᠠᠬᠢᠨ᠎ᠠ᠃ ︽ᠠᠯᠳᠠᠭ᠎ᠠ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠳᠡᠭ ᠢ ᠪᠠᠷᠢᠮᠲᠠᠯᠠᠵᠤ᠂ ᠡᠯ᠎ᠡ ᠲᠦᠷᠦᠯ ᠤᠨ ᠰᠢᠪᠠᠳᠠᠨ ᠪᠠᠶᠢᠴᠠᠭᠠᠵᠤ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠢ ᠬᠡᠯᠡᠵᠦ ᠬᠠᠲᠠᠭᠤ ᠶᠢ ᠬᠦᠨᠳᠡᠵᠦ ᠰᠠᠢᠲᠤᠷ ᠬᠢᠨ᠎ᠡ᠃      ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠵᠠᠪᠰᠠᠷ ᠦᠭᠡᠢ ᠦᠢᠯᠡᠴᠢᠯᠡᠭᠡ ᠬᠠᠩᠭᠠᠵᠤ᠂ ︽ᠠᠵᠤ ᠠᠬᠤᠶᠢᠯᠠᠯ ᠠᠰᠠᠭᠤᠳᠠᠯ ᠲᠣᠷᠠᠳᠴᠣ᠂ ᠵᠠᠰᠠᠭ ᠤᠨ ᠣᠷᠳᠣᠨ ᠰᠢᠶᠳᠪᠦᠷᠢᠯᠡᠬᠦ︾   ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠴᠤᠭᠯᠠᠭᠤᠯᠬᠤ᠂ ᠬᠤᠪᠢᠶᠠᠨ ᠭᠦᠶᠴᠡᠳᠬᠡᠬᠦ᠂ ᠰᠢᠶᠳᠪᠦᠷᠢᠯᠡᠬᠦ ᠂ ᠬᠠᠷᠢᠭᠤ ᠲᠤᠰᠬᠠᠬᠤ ᠪᠢᠲᠡᠭᠦᠮᠵᠢᠯᠡᠭᠰᠡᠨ ᠣᠷᠴᠢᠯ ᠢ ᠪᠣᠶ ᠪᠣᠯᠭᠠᠵᠤ᠂  ᠠᠵᠤ ᠠᠬᠤᠢᠯᠠᠯ ᠤᠨ ᠬᠥᠭᠵᠢᠯᠲᠡ ᠶᠢ ᠨᠥᠯᠥᠭᠡᠯᠡᠬᠦ ᠲᠣᠪᠣᠶᠢᠮ᠎ᠠ ᠠᠰᠠᠭᠤᠳᠠᠯ  ᠢ  ᠬᠦᠴᠦᠯᠡᠨ ᠰᠢᠢᠳᠪᠦᠷᠢᠯᠡᠨ᠎ᠡ᠃ ︽ᠠᠰᠠᠷᠠᠭᠴᠢ︾   ᠦᠵᠡᠯ ᠤᠬᠠᠮᠰᠠᠷ   ᠢᠶᠡᠨ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠪᠠ ᠵᠠᠬ᠎ᠠ ᠳᠡᠯᠭᠡᠭᠦᠷ ᠢ ᠥᠷᠭᠡᠳᠬᠡᠵᠦ᠂ ᠪᠠᠯᠠ ᠲᠣᠬᠢᠷᠠᠭᠤᠯᠭ᠎ᠠ ᠶᠢᠨ ᠲᠥᠬᠦᠮ ᠬᠡᠮᠵᠢᠶ᠎ᠡ ᠪᠠ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠢᠯᠠᠯ ᠪᠠ ᠠᠵᠤ ᠠᠬᠤᠢᠯᠠᠯᠲᠠᠨ ᠳᠤ ᠦᠨᠡᠨ ᠬᠦ ᠳᠦᠭᠦᠮ ᠢ ᠮᠡᠳᠡᠷᠡᠭᠳᠡᠭᠦᠯᠦᠨ᠎ᠡ᠃ ᠠᠵᠤ ᠠᠬᠤᠶᠢᠯᠠᠯᠲᠠᠨ ᠢ ᠦᠨᠡᠨ ᠰᠡᠳᠬᠢᠯ ᠠᠴᠠ ᠪᠠᠨ ᠬᠦᠨᠳᠦᠳᠬᠡᠵᠦ᠂ ᠦᠨᠡᠨᠴᠢ  ᠴᠠᠭᠠᠪᠤᠷ  ᠢᠶᠠᠷ ᠨᠠᠶᠢᠵᠠᠯᠠᠵᠤ᠂ ᠡᠯ᠎ᠡ ᠵᠦᠢᠯ ᠤᠨ ᠬᠠᠷᠠᠭᠠᠯᠵᠠᠯ ᠢ ᠪᠣᠳᠠᠲᠠᠢ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠠᠬᠤᠶᠢᠯᠠᠯ ᠢ ᠮᠠᠨ ᠤ ᠬᠤᠲᠠ ᠳᠤ ᠰᠠᠨᠠᠭ᠎ᠠ ᠠᠮᠤᠷ ᠪᠡᠯᠡ  ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠰᠠᠨᠠᠭ᠎ᠠ ᠠᠮᠤᠷ ᠬᠦᠭᠵᠢᠭᠦᠯᠦᠨ᠎ᠡ᠃      ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠭᠠᠳᠠᠭᠠᠳᠤ ᠶᠢᠨ᠂ ᠳᠣᠲᠣᠭᠠᠳᠤ ᠶᠢᠨ᠂ ᠣᠷᠣᠨ ᠤ ᠳᠣᠲᠣᠷᠠᠬᠢ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠭᠠᠳᠠᠭᠠᠳᠤ ᠳᠤ᠂ ᠬᠠᠭᠤᠷᠠᠶ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠡᠭᠦᠳᠦᠨ ᠪᠠᠶᠢᠭᠤᠯᠵᠤ ᠂  ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ ᠪᠠᠷ ᠨᠡᠪᠲᠡᠷᠡᠬᠦ ᠪᠠᠷᠠᠭᠠᠨ ᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠶᠢ ᠴᠢᠷᠮᠠᠶᠢᠨ ᠪᠤᠵᠠᠭᠠᠢᠷᠠᠭᠤᠯᠤᠨ᠎ᠠ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ᠂ ᠳᠡᠭᠡᠳᠦ ᠰᠢᠨ᠎ᠡ ᠮᠠᠰᠢᠨ ᠴᠠᠬᠢᠯᠭᠠᠨ᠂ ᠲᠡᠷᠭᠡ ᠬᠥᠰᠬᠡ ᠶᠢᠨ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶ᠎ᠡ ᠶᠢ 6% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ ᠳᠣᠲᠣᠭᠠᠳᠤ ᠳᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾  ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠭᠠᠵᠠᠷ ᠣᠷᠣᠨ ᠠᠯᠤᠰᠯᠠᠭᠰᠠᠨ ᠱᠠᠳᠤᠴᠢ ᠴᠢᠨᠠᠷᠲᠠᠢ ᠰᠢᠯᠵᠢᠯᠲᠡ ᠶᠢ ᠰᠠᠶᠢᠲᠤᠷ ᠵᠣᠯᠭᠠᠭᠤᠯᠤᠨ᠎ᠠ᠃ ᠣᠷᠣᠨ ᠤ ᠳᠣᠲᠣᠷ᠎ᠠ᠂ ᠴᠡᠪᠡᠷ ᠡᠨᠧᠷᠭᠢ ᠪᠣᠯᠤᠨ ᠮᠧᠩ ᠰᠢ ᠴᠠᠬᠢᠯᠭᠠᠨ ᠤ ᠲᠣᠤᠷ ᠤᠨ ᠳᠠᠪᠠᠭᠤᠯᠢᠭ ᠲᠤ ᠲᠦᠰᠢᠭᠯᠡᠵᠦ ᠂ ᠪᠤᠭᠤᠲᠤ᠂ ᠦᠬᠠᠶ ᠵᠡᠷᠭᠡ ᠭᠠᠵᠠᠷ ᠤᠨ ᠤᠰᠤᠲᠦ᠋ᠷᠦᠭᠴᠢᠲᠦ ᠡᠨᠧᠷᠭᠢ ᠶᠢᠨ ᠬᠡᠷᠡᠭᠯᠡᠭᠡᠨ ᠦ ᠠᠬᠤᠢ ᠪᠠᠢᠳᠠᠯ ᠤᠨ ᠲᠣᠭᠣᠷᠢᠨ ᠳᠤ᠂ ᠰᠢᠨ᠎ᠡ ᠡᠨᠧᠷᠭᠢ ᠪᠡᠷ ᠤᠰᠤᠲᠥ᠋ᠷᠥᠭᠴᠢ ᠶᠢ ᠦᠢᠯᠡᠳᠬᠦ᠂ ᠰᠢᠪᠲᠦᠷ ᠢ ᠦᠢᠯᠡᠳᠬᠦ᠂ ᠮᠧᠲ᠋ᠢᠯ ᠠᠯᠺᠣᠤᠯ ᠦᠢᠯᠡᠳᠬᠦ ᠪᠡᠷ ᠭᠣᠤᠯ ᠪᠣᠯᠭᠠᠭᠰᠠᠨ ᠤᠰᠤᠲᠦ᠋ᠷᠦᠭᠴᠢᠲᠦ ᠡᠨᠧᠷᠭᠢ ᠶᠢᠨ ᠢᠷᠡᠭᠡᠳᠦᠶ ᠶᠢᠨ ᠠᠵᠤ ᠦᠢᠯᠡᠰ ᠦᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠴᠠᠬᠢᠯᠭᠠᠨ ᠬᠦᠴᠦᠨ ᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠶᠢ ᠠᠬᠢᠭᠤᠯᠤᠨ᠎ᠠ᠃     (ᠲᠠᠪᠤ) ᠡᠯᠡᠰᠦ ᠶᠢ ᠵᠠᠰᠠᠬᠤ ᠪᠠ ᠤᠰᠤ ᠠᠷᠪᠢᠯᠠᠬᠤ ᠬᠤᠶᠠᠷ ᠵᠠᠩᠭᠢᠯᠠᠭ᠎ᠠ ᠳᠤ ᠲᠥᠪᠯᠡᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠃ ᠪᠢᠳᠡ ᠵᠠᠰᠠᠵᠤ ᠬᠠᠮᠠᠭᠠᠯᠠᠬᠤ ᠪᠠ ᠪᠠᠬᠢᠵᠢᠭᠦᠯᠦᠨ ᠳᠡᠭᠡᠭᠰᠢᠯᠡᠭᠦᠯᠬᠦ ︽ ᠬᠣᠶᠠᠷ ᠭᠠᠷᠳᠠᠴᠠ︾ ᠪᠠᠷᠢᠮᠲᠠᠯᠠᠵᠤ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ  ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠦᠩᠭᠡ ᠶᠢ ᠵᠤᠵᠠᠭᠠᠳᠬᠠᠨ᠎ᠠ᠃ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠠᠬᠢᠭᠤᠯᠤᠨ᠎ᠠ᠃ ︽ᠤᠮᠠᠷᠠᠲᠤ  ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠲᠤᠨ ᠭᠤᠣᠯ ᠤᠨ ︽ᠲᠣᠬᠣᠢ ᠬᠡᠰᠡᠭ︾  ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠯᠠᠭᠠᠨᠪᠤᠬ᠎ᠠ ᠶᠢᠨ ᠵᠡᠭᠦᠨ ᠵᠠᠬ᠎ᠠ ᠶᠢᠨ 400 ᠭᠠᠵᠠᠷ ᠤᠨ ᠰᠠᠯᠬᠢ ᠰᠡᠷᠭᠡᠢᠯᠡᠵᠦ ᠡᠯᠡᠰᠦ ᠶᠢ ᠲᠣᠭᠲᠠᠪᠤᠷᠢᠵᠢᠭᠤᠯᠬᠤ ᠪᠦᠰᠡ᠂ ᠪᠠᠶᠠᠨ᠋ᠦ᠋ᠨᠳᠦᠷ ᠤᠨ ᠡᠯᠡᠰᠦ ᠮᠠᠩᠬᠠᠨ ᠤ ᠵᠠᠭᠤᠨ ᠲᠦᠮᠡᠨ ᠮᠦ ᠠᠮᠢ ᠠᠬᠤᠢ ᠶᠢ ᠵᠠᠰᠠᠬᠤ ᠵᠡᠷᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠪᠠᠶᠢᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ  400 ᠲᠦᠮᠡᠨ ᠮᠦ ᠠᠴᠠ ᠳᠡᠭᠡᠭᠰᠢ ᠪᠡᠶᠡᠯᠡᠭᠦᠯᠦᠨ᠎ᠡ ᠃  ᠡᠯᠡᠰᠦᠷᠬᠡᠭᠵᠢᠯ  ᠢ ᠰᠡᠷᠭᠡᠶᠢᠯᠡᠨ  ᠡᠯᠡᠰᠦ ᠶᠢ ᠵᠠᠰᠠᠭᠰᠠᠨ ᠦᠷ᠎ᠡ ᠪᠦᠲᠦᠮᠵᠢ ᠶᠢ ᠪᠡᠬᠢᠵᠢᠭᠦᠯᠦᠨ ᠳᠡᠭᠡᠭᠰᠢᠯᠡᠭᠦᠯᠵᠦ ᠂  ᠢᠨᠵᠧᠨᠧᠷᠢᠩ ᠦᠨ ᠴᠢᠨᠠᠷ  ᠪᠣᠯᠤᠨ ᠵᠠᠰᠠᠯᠲᠠ ᠶᠢᠨ ᠦᠷ᠎ᠡ ᠪᠦᠲᠦᠮᠵᠢ ᠶᠢ  ᠪᠠᠲᠤᠯᠠᠨ᠎ᠠ ᠃ ᠨᠠᠷᠢᠯᠢᠭ ᠪᠣᠳᠣᠬᠤ ᠦᠵᠡᠯ ᠤᠬᠠᠮᠰᠠᠷ ᠢᠶᠠᠨ ᠴᠢᠩᠭᠠᠷᠠᠭᠤᠯᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ  ᠢ ᠬᠡᠷᠡᠭᠯᠡᠨ ᠂ ᠦᠷ᠎ᠡ ᠪᠠ ᠴᠢᠬᠢ ᠶᠢᠨ ᠬᠠᠩᠭᠠᠯᠭ᠎ᠠ ᠂ ᠡᠯᠡᠰᠦ ᠶᠢ ᠲᠣᠭᠲᠠᠪᠤᠷᠢᠵᠢᠭᠤᠯᠬᠤ ᠮᠠᠲ᠋ᠧᠷᠢᠶᠠᠯ ᠂ ᠡᠯᠡᠰᠦ ᠶᠢ ᠵᠠᠰᠠᠬᠤ ᠮᠠᠰᠢᠨ ᠲᠣᠨᠣᠭ ᠵᠡᠷᠭᠡ ᠪᠦᠬᠦ ᠬᠡᠯᠬᠢᠶ᠎ᠡ ᠂  ᠡᠯ᠎ᠡ ᠭᠣᠭᠴᠣᠭ᠎ᠠ ᠶᠢ ᠨᠤᠲᠤᠭᠴᠢᠯᠠᠬᠤ ᠶᠢ ᠪᠡᠶᠡᠯᠡᠭᠦᠯᠬᠦ ᠪᠡᠷ ᠴᠢᠷᠮᠠᠢᠨ᠎ᠠ᠃ ᠬᠠᠲᠤᠨ ᠭᠤᠣᠯ ᠤᠨ ᠭᠤᠣᠯ ᠤᠨ ᠵᠠᠮ ᠪᠠ ᠲᠠᠩ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ ᠃  ︽ ᠠᠷᠪᠠᠨ ᠳᠥᠷᠪᠡᠳᠦᠭᠡᠷ ᠲᠠᠪᠤᠨ ᠵᠢᠯ ︾  ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠠᠭᠠᠨᠰᠤᠬᠠᠢ ᠨᠠᠭᠤᠷ ᠤᠨ ᠰᠠᠪᠠ ᠭᠠᠵᠠᠷ ᠢ ᠵᠠᠰᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃      ᠤᠰᠤ ᠠᠷᠪᠢᠯᠠᠬᠤ ᠠᠵᠢᠯᠯᠠᠭ᠎ᠠ ᠶᠢ ᠨᠠᠢᠳᠠᠪᠤᠷᠢᠵᠢᠭᠤᠯᠤᠨ᠎ᠠ᠃ ᠬᠢᠵᠠᠭᠠᠷ ᠲᠠᠢ ᠤᠰᠤᠨ ᠤ ᠡᠬᠢ ᠰᠤᠷᠪᠤᠯᠵᠢ ᠶᠢᠨ ᠨᠥᠬᠦᠴᠡᠯ ᠳᠣᠣᠷ᠎ᠠ᠂ ᠣᠬᠤᠷᠬᠠᠨ ᠬᠤᠭᠤᠴᠠᠭᠠᠨ ᠤ ᠳᠣᠲᠣᠷ᠎ᠠ ᠤᠰᠤᠨ ᠤ ᠬᠡᠮᠵᠢᠶ᠎ᠡ ᠶᠢ ᠨᠡᠮᠡᠭᠳᠡᠭᠦᠯᠬᠦ ᠨᠢ ᠪᠣᠯᠣᠯᠴᠠᠭ᠎ᠠ ᠦᠭᠡᠢ ᠶᠤᠮ᠂ ᠴᠤᠷ ᠤᠨ ᠭᠠᠭᠴᠠ ᠭᠠᠷᠬᠤ ᠵᠠᠮ ᠨᠢ ᠠᠷᠪᠢᠯᠠᠨ ᠭᠠᠮᠨᠠᠬᠤ ᠶᠠᠪᠤᠳᠠᠯ ᠪᠣᠯᠤᠨ᠎ᠠ᠃ ᠪᠢᠳᠡ ︽ᠤᠰᠤ ᠪᠠᠷ ᠲᠦᠷᠪᠡ ᠶᠢ ᠲᠣᠭᠲᠠᠭᠠᠬᠤ︾  ᠪᠠᠷᠢᠮᠲᠠᠯᠠᠵᠤ᠂ ᠲᠠᠩ ᠭᠠᠭᠴᠠ ᠤᠰᠤᠨ ᠠᠰᠢᠭᠯᠠᠯᠲᠠ ᠶᠢᠨ ᠲᠠᠯ᠎ᠠ ᠠᠴᠠ ᠦᠰᠦᠷᠦᠨ ᠭᠠᠷᠴᠤ ᠂ ᠪᠦᠬᠦ ᠠᠵᠢᠯ ᠲᠦᠷᠦᠯ ᠪᠦᠬᠦ ᠬᠦᠷᠢᠶᠡᠨ ᠳᠤ ᠤᠰᠤ ᠶᠢ ᠭᠦᠨᠵᠡᠭᠡᠢ ᠠᠷᠪᠢᠯᠠᠵᠤ᠂ ᠲᠠᠷᠢᠶᠠᠯᠠᠩ᠂ ᠠᠵᠤ ᠦᠢᠯᠡᠳᠪᠦᠷᠢ ᠂ ᠬᠤᠳᠠ ᠬᠥᠳᠡᠭᠡ ᠵᠡᠷᠭᠡ ᠬᠦᠷᠢᠶᠡᠨ ᠤ ᠤᠰᠤᠨ ᠤ ᠡᠬᠢ ᠪᠠᠶᠠᠯᠢᠭ ᠤᠨ  ᠠᠰᠢᠭᠯᠠᠯᠲᠠ ᠶᠢᠨ ᠦᠷ᠎ᠡ  ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠣᠷᠣᠨ ᠤ ᠤᠰᠤ ᠠᠷᠪᠢᠯᠠᠬᠤ ᠳᠠᠭᠤᠷᠢᠶᠠᠯ ᠪᠣᠯᠬᠤ ᠪᠠᠷ ᠴᠢᠷᠮᠠᠢᠨ᠎ᠠ ᠃ ᠲᠠᠷᠢᠶᠠᠯᠠᠩ ᠤᠨ ᠤᠰᠤ ᠠᠷᠪᠢᠯᠠᠬᠤ᠂ ᠤᠰᠤ ᠠᠷᠪᠢᠯᠠᠬᠤ ᠬᠢᠭᠡᠳ ᠠᠮᠢ ᠠᠬᠤᠶ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠶᠳᠪᠦᠷᠢᠯᠡᠨ᠂ ᠣᠯᠠᠨ ᠲᠦᠮᠡᠨ ᠦ ᠤᠰᠤ ᠠᠷᠪᠢᠯᠠᠬᠤ ᠦᠵᠡᠯ ᠤᠬᠠᠮᠰᠠᠷ ᠢ ᠨᠡᠮᠡᠭᠳᠡᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠢ ᠬᠤᠪᠢᠷᠠᠭᠤᠯᠬᠤ ᠮᠥᠷᠲᠡᠭᠡᠨ ᠲᠠᠷᠢᠶᠠᠯᠠᠩ ᠤᠨ ᠬᠡᠷᠡᠭᠯᠡᠬᠦ ᠤᠰᠤ ᠬᠢᠭᠡᠳ ᠠᠮᠢ ᠠᠬᠤᠶ ᠶᠢᠨ ᠬᠡᠷᠡᠭᠯᠡᠬᠦ ᠤᠰᠤᠨ ᠤ ᠰᠢᠨᠵᠢᠯᠡᠬᠦ ᠤᠬᠠᠭᠠᠨᠴᠢ ᠲᠡᠩᠴᠡᠭᠦᠷᠢ ᠶᠢᠨ ᠴᠡᠭ ᠢ ᠡᠷᠢᠵᠦ ᠣᠯᠣᠨ᠎ᠠ᠃ ︽ᠪᠠᠶᠠᠨᠨᠠᠭᠤᠷ ᠬᠤᠲᠠ ᠶᠢᠨ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ︾  ᠨᠡᠶᠢᠲᠡᠯᠡᠨ ᠬᠡᠷᠡᠭᠵᠢᠭᠦᠯᠵᠦ᠂ ᠢᠨᠵᠧᠨᠧᠷᠢᠩ᠂ ᠲᠠᠷᠢᠶᠠᠯᠠᠩ ᠤᠨ ᠮᠡᠷᠭᠡᠵᠢᠯ᠂ ᠡᠭᠦᠯᠳᠡᠷ ᠂ ᠪᠦᠲᠦᠴᠡ᠂ ᠲᠣᠭᠲᠠᠴᠠ ᠶᠢᠨ ︽ᠲᠠᠪᠤ ᠶᠢ ᠠᠷᠪᠢᠯᠠᠬᠤ︾ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠢ ᠶᠢ 60 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠣᠳᠣ ᠦᠶ᠎ᠡ ᠶᠢᠨ ᠥᠨᠳᠥᠷ ᠦᠷ᠎ᠡ ᠠᠰᠢᠭᠲᠤ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠬᠡᠨ ᠠᠷᠪᠢᠯᠠᠪᠠᠯ ᠬᠡᠨ ᠠᠰᠢᠭ ᠬᠦᠷᠲᠡᠬᠦ︾ ᠵᠠᠷᠴᠢᠮ ᠢ ᠪᠠᠷᠢᠮᠲᠠᠯᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠳᠤ  ᠣᠨᠢᠨ ᠳᠡᠭᠡᠷ᠎ᠡ ᠨᠢ ᠨᠥᠬᠦᠪᠦᠷᠢ ᠥᠭᠬᠦ ᠪᠠ ᠤᠰᠤ ᠠᠷᠪᠢᠯᠠᠬᠤ ᠱᠠᠩᠨᠠᠯ ᠤᠨ ᠲᠥᠷᠥ ᠶᠢᠨ  ᠪᠣᠳᠣᠯᠭ᠎ᠠ ᠶᠢ ᠰᠠᠶᠢᠲᠤᠷ ᠬᠡᠷᠡᠭᠯᠡᠵᠦ ᠂  ᠤᠰᠤ ᠬᠡᠷᠡᠭᠯᠡᠬᠦ ᠳᠤ ᠣᠨᠣᠪᠴᠢᠲᠠᠢ ᠬᠡᠮᠵᠢᠯᠲᠡ ᠬᠢᠬᠦ ᠶᠢ ᠲᠦᠷᠭᠡᠳᠬᠡᠨ ᠠᠬᠢᠭᠤᠯᠤᠨ᠎ᠠ᠃ ᠶᠡᠷᠦᠩᠬᠡᠶ ᠬᠡᠮᠵᠢᠶ᠎ᠡ ᠶᠢ ᠴᠢᠩᠭ᠎ᠠ ᠡᠵᠡᠮᠳᠡᠵᠦ᠂ ᠭᠠᠵᠠᠷ ᠳᠣᠤᠷᠠᠬᠢ ᠤᠰᠤᠨ ᠤ ᠦᠨ᠎ᠡ ᠲᠣᠭᠲᠠᠭᠠᠵᠤ ᠰᠦᠢᠳᠬᠡᠯ ᠬᠤᠷᠢᠶᠠᠬᠤ ᠪᠠ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠣᠷᠣᠨ ᠤ ᠵᠠᠰᠠᠯᠲᠠ ᠶᠢ ᠴᠢᠩᠭᠠᠳᠬᠠᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠬᠤ ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠣᠯᠤᠨ ᠬᠦᠷᠢᠶᠡᠯᠡᠩ ᠲᠣᠭᠤᠷᠢᠭ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠤᠰᠤ ᠬᠡᠷᠡᠭᠯᠡᠬᠦ ᠬᠡᠮᠵᠢᠶ᠎ᠡ 2020 ᠣᠨ ᠤ ᠬᠢ ᠠᠴᠠ 12%  ᠢᠶᠠᠷ ᠪᠠᠭᠤᠷᠠᠭᠤᠯᠬᠤ ᠪᠠᠷ ᠴᠢᠷᠮᠠᠶᠢᠨ᠎ᠠ᠃ ᠪᠦᠬᠦ ᠠᠷᠠᠳ ᠢᠶᠠᠷ ᠢᠶᠠᠨ ᠤᠰᠤ ᠠᠷᠪᠢᠯᠠᠬᠤ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ  ᠢ ᠴᠢᠩᠭᠠᠳᠬᠠᠨ ᠂ ᠡᠯ᠎ᠡ ᠲᠠᠯ᠎ᠠ ᠶᠢᠨ ᠤᠰᠤ ᠠᠷᠪᠢᠯᠠᠬᠤ ᠰᠠᠶᠢᠨ ᠳᠠᠳᠬᠠᠯ ᠲᠠᠶ ᠪᠣᠯᠬᠤ ᠶᠢ ᠠᠬᠢᠭᠤᠯᠵᠤ ᠂ ᠤᠰᠤ ᠠᠷᠪᠢᠯᠠᠬᠤ ᠭᠡᠷ ᠪᠦᠯᠢ ᠂ ᠤᠰᠤ ᠠᠷᠪᠢᠯᠠᠬᠤ ᠨᠡᠶᠢᠭᠡᠮ ᠲᠣᠭᠣᠷᠢᠭ᠂ ᠤᠰᠤ ᠠᠷᠪᠢᠯᠠᠬᠤ ᠰᠤᠷᠭᠠᠭᠤᠯᠢ ᠶᠢᠨ ᠬᠦᠷᠢᠶ᠎ᠡ ᠂ ᠤᠰᠤ ᠠᠷᠪᠢᠯᠠᠬᠤ ᠪᠠᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠪᠦᠬᠦ ᠨᠡᠶᠢᠭᠡᠮ ᠦᠨ ᠬᠢᠨ ᠦ ᠤᠰᠤ ᠠᠷᠪᠢᠯᠠᠬᠤ ᠦᠵᠡᠯ ᠤᠬᠠᠮᠰᠠᠷ  ᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠳᠠᠬᠢᠯᠲᠠ ᠤᠰᠤ ᠶᠢ ᠠᠰᠢᠭᠯᠠᠬᠤ ᠤᠯᠤᠰ ᠤᠨ ᠲᠤᠷᠰᠢᠯᠲᠠ ᠶᠢᠨ ᠴᠡᠭ  ᠢ ᠰᠠᠶᠢᠲᠤᠷ ᠠᠳᠬᠤᠵᠤ᠂ ᠠᠰᠢᠭᠯᠠᠯᠲᠠ ᠶᠢᠨ ᠨᠣᠷᠮ᠎ᠠ ᠶᠢ 50% ᠠᠴᠠ ᠳᠡᠭᠡᠭᠰᠢ ᠳᠦ ᠬᠦᠷᠦᠭᠦᠯᠬᠦ ᠪᠡᠷ ᠴᠢᠷᠮᠠᠶᠢᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠢᠯᠠᠯᠳᠤᠭᠠᠨ ᠢ ᠭᠦᠨᠵᠡᠭᠡᠶ ᠠᠬᠢᠭᠤᠯᠵᠤ᠂ ᠬᠠᠲᠤᠨ ᠭᠤᠤᠯ ᠤᠨ ᠤᠰᠤ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠤᠰᠤᠨ ᠤ ᠡᠬᠢ ᠰᠤᠷᠪᠤᠯᠵᠢ ᠠᠴᠠ ᠤᠰᠤᠨ ᠭᠤᠭᠤᠵᠢᠭᠤᠷ ᠬᠦᠷᠲᠡᠯᠡᠬᠢ ᠪᠥᠬᠦ ᠬᠡᠯᠬᠢᠶᠡᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠨ᠎ᠠ᠃ ᠰᠠᠯᠬᠢᠨ ᠬᠦᠴᠦᠨ ᠤ ᠴᠠᠬᠢᠯᠭᠠᠨ ᠪᠠ ᠭᠡᠷᠡᠯ ᠴᠡᠨᠡᠭ ᠤᠨ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠶᠢ ᠰᠠᠶᠢᠲᠤᠷ ᠠᠳᠬᠤᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ  ᠳᠠᠬᠢᠨ ᠠᠰᠢᠭᠯᠠᠬᠤ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ︽ᠲᠦᠷᠪᠡ ᠶᠢ ᠡᠵᠡᠮᠳᠡᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠪᠦᠷᠬᠦᠪᠴᠢ ᠶᠢᠨ ᠪᠦᠬᠦ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠷᠢᠶᠠᠨ ᠠᠪᠴᠤ ᠰᠢᠢᠳᠪᠦᠷᠢᠯᠡᠬᠦ ᠨᠤᠷᠮ᠎ᠠ ᠶᠢ 85% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠤᠷᠮ᠎ᠠ ᠶᠢ 43% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠦᠷ᠎ᠡ ᠬᠤᠶᠢᠴᠢᠰ ᠲᠠᠭᠠᠨ ᠬᠥᠬᠡ ᠠᠭᠤᠯᠠ᠂ ᠲᠤᠩᠭᠠᠯᠠᠭ ᠤᠰᠤ  ᠂ ᠰᠣᠷᠭᠤᠭ ᠠᠭᠤᠷ ᠠᠮᠢᠰᠬᠤᠯ  ᠲᠠᠢ ᠦᠵᠡᠰᠬᠦᠯᠡᠩᠲᠦ ᠰᠠᠶᠢᠬᠠᠨ ᠬᠡᠷ ᠣᠷᠣᠨ ᠢ ᠦᠯᠡᠳᠡᠭᠡᠵᠦ ᠥᠭᠭᠦᠨ᠎ᠡ᠃     (ᠵᠢᠷᠭᠤᠭ᠎ᠠ) ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠬᠥᠮᠦᠨ ᠢᠶᠡᠷ ᠦᠨᠳᠦᠰᠦ ᠪᠣᠯᠭᠠᠬᠤ ᠶᠢ ᠳᠣᠪᠣᠢᠯᠭᠠᠵᠤ ᠂ ᠬᠣᠲᠠ ᠬᠥᠳᠡᠭᠡ ᠶᠢᠨ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠦᠨ ᠬᠣᠤᠰ ᠴᠢᠭᠯᠡᠯ ᠢᠶᠠᠷ ᠰᠢᠯᠵᠢᠬᠦ ᠂ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ ᠂ ᠠᠵᠤ ᠦᠢᠯᠡᠰ  ᠢ ᠬᠥᠭᠵᠢᠭᠦᠯᠦᠨ ᠮᠠᠨᠳᠤᠭᠤᠯᠬᠤ ᠂ ᠰᠢᠶᠠᠨ  ᠢ ᠬᠦᠴᠦᠷᠬᠡᠭᠵᠢᠭᠦᠯᠬᠦ ᠂ ᠠᠷᠠᠳ  ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ ᠃      ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠷᠠᠳ ᠤᠨ ᠬᠤᠲᠠ ᠶᠢ ᠠᠷᠠᠳ ᠪᠠᠶᠢᠭᠤᠯᠬᠤ᠂  ᠠᠷᠠᠳ ᠤᠨ ᠬᠤᠲᠠ ᠨᠢ ᠠᠷᠠᠳ ᠤᠨ ᠲᠥᠯᠥᠭᠡ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠣᠯᠠᠨ ᠲᠦᠮᠡᠨᠴᠢ ᠱᠤᠭᠤᠮ ᠢᠶᠠᠷ ᠰᠠᠢᠲᠤᠷ ᠵᠠᠮᠨᠠᠵᠤ᠂ ᠠᠷᠠᠳ ᠲᠦᠮᠡᠨ ᠡᠴᠡ ᠠᠷᠭ᠎ᠠ ᠪᠣᠳᠣᠯᠭ᠎ᠠ ᠠᠰᠠᠭᠤᠵᠤ᠂ ᠨᠡᠩ ᠣᠯᠠᠨ︽ ᠮᠡᠷᠭᠡᠨ ᠤᠬᠠᠭᠠᠨ︾ ᠢ ᠬᠣᠲᠠ ᠶᠢᠨ ᠵᠠᠰᠠᠯᠲᠠ ᠶᠢᠨ ︽ ᠠᠯᠲᠠᠨ ᠲᠦᠯᠬᠢᠭᠦᠷ︾ ᠪᠣᠯᠭᠠᠵᠤ᠂ ᠠᠷᠠᠳ ᠲᠤ  ᠬᠦᠷᠲᠡᠮᠵᠢ ᠲᠠᠢ ᠠᠰᠢᠭ ᠲᠠᠢ ︽ ᠠᠯᠲᠠᠨ ᠵᠢᠮᠢᠰ︾  ᠪᠣᠯᠭᠠᠵᠤ᠂ ᠦᠵᠡᠰᠬᠦᠯᠡᠩᠲᠦ ᠰᠠᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠢᠭᠤᠯᠵᠤ ᠬᠠᠮᠲᠤ ᠪᠠᠷ ᠡᠳ᠋ᠯᠡᠨ᠎ᠡ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠪᠠ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ 1.4 ᠲᠦᠮᠡᠨ ᠡᠷᠦᠬᠡ᠂ 80 ᠺᠢᠯᠣᠮᠧᠲᠷ ᠤᠨ ᠡᠯ᠎ᠡ ᠲᠥᠷᠥᠯ ᠤᠨ ᠬᠤᠭᠤᠯᠠᠶ ᠶᠢᠨ ᠲᠣᠤᠷ ᠢ ᠥᠭᠡᠷᠡᠴᠢᠯᠡᠵᠦ᠂ 7 ᠵᠤᠷᠪᠤᠰ ᠭᠤᠤᠯ ᠬᠤᠲᠠ ᠶᠢᠨ ᠲᠣᠭᠤᠷᠢᠭ ᠤᠨ ᠲᠠᠰᠤᠷᠬᠠᠶ ᠵᠠᠮ ᠢ ᠨᠡᠪᠲᠡᠷᠡᠭᠦᠯᠦᠨ᠎ᠡ᠃ ᠳᠤᠯᠠᠭᠠᠯᠠᠭ᠎ᠠ  ᠶᠢᠨ ᠢᠨᠵᠧᠨᠧᠷᠢᠩ ᠤᠨ ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠦᠨ᠂ ᠣᠯᠠᠨ ᠲᠦᠮᠡᠨ ᠤ ᠳᠤᠯᠠᠭᠠᠯᠠᠭ᠎ᠠ ᠶᠢᠨ ᠳᠤᠯᠠᠭᠠᠨ ᠤ ᠬᠡᠮᠵᠢᠶ᠎ᠡ ᠶᠢ ︽ᠪᠠᠷᠢᠮᠵᠢᠶ᠎ᠠ ᠳᠤ  ᠬᠦᠷᠬᠦ︾  ᠠᠴᠠ ︽ᠲᠠᠭᠠᠯᠠᠮᠵᠢᠲᠠᠢ︾  ᠪᠣᠯᠭᠠᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠡᠳᠬᠢᠯ ᠰᠢᠭᠣᠳᠠᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠠᠮᠤᠷ ᠠᠮᠤᠭᠤᠯᠠᠩ ᠠᠵᠤ ᠲᠦᠷᠦᠬᠦ  ᠬᠦᠰᠡᠯ ᠵᠡᠭᠦᠳᠦ ᠶᠢ ᠡᠷᠲᠡᠬᠡᠨ ᠲᠡᠷᠭᠡᠯᠰᠢᠭᠦᠯᠦᠨ᠎ᠡ᠃ 5G ᠶᠢᠨ ᠰᠠᠭᠤᠷᠢ ᠥᠷᠲᠡᠭᠡ 500᠂ ᠴᠠᠬᠢᠯᠭᠠᠨ ᠴᠡᠨᠡᠭᠯᠡᠬᠦ ᠪᠠᠭᠠᠨ᠎ᠠ 1000  ᠶᠢ ᠰᠢᠨ᠎ᠡ ᠪᠠᠷ ᠪᠠᠶᠢᠭᠤᠯᠵᠤ᠂ ᠣᠯᠠᠨ ᠨᠡᠶᠢᠲᠡ ᠶᠢᠨ ᠲᠡᠷᠭᠡ ᠵᠣᠭᠰᠣᠭᠠᠬᠤ ᠣᠷᠣᠨ ᠪᠠᠶᠢᠷᠢ 2500   ᠰᠢᠨ᠎ᠡ ᠪᠠᠷ ᠨᠡᠮᠡᠭᠳᠡᠭᠦᠯᠦᠨ᠂ ᠨᠢᠭᠡ ᠪᠦᠯᠦᠭ ᠬᠠᠭᠤᠴᠢᠨ ᠴᠡᠴᠡᠷᠯᠢᠭ ᠪᠠ ᠪᠢᠴᠢᠯ ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠤᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠰᠠᠭᠤᠴᠠ ᠶᠢᠨ ᠠᠳᠠᠯ ᠠᠬᠤᠶ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠪᠡᠶᠡᠯᠡᠭᠦᠯᠵᠦ᠂ ᠤᠶᠤᠨᠲᠤ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠲᠠᠪᠴᠠᠩ ᠢ ᠪᠥᠲᠥᠭᠡᠨ ᠪᠠᠶᠢᠭᠤᠯᠵᠤ ᠂  ᠬᠤᠲᠠ ᠶᠢᠨ ᠦᠵᠡᠮᠵᠢ  ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠬᠤᠲᠠ ᠶᠢᠨ ᠲᠣᠭᠤᠷᠢᠭ ᠢ ᠠᠯᠬᠤᠮ ᠠᠯᠬᠤᠮ ᠢᠶᠠᠷ ᠰᠠᠭᠠᠳ ᠥᠬᠡᠶ ᠨᠡᠪᠲᠡᠷᠡᠭᠦᠯᠵᠦ ᠨᠠᠷᠢᠯᠢᠭ ᠰᠠᠢᠨ ᠦᠵᠡᠰᠬᠦᠯᠡᠩᠲᠦ ᠰᠠᠢᠬᠠᠨ ᠪᠣᠯᠭᠠᠨ᠎ᠠ᠃      ᠬᠥᠳᠡᠭᠡ ᠲᠣᠰᠬᠤᠨ ᠢ ᠪᠦᠬᠦ ᠲᠠᠯ᠎ᠠ ᠪᠠᠷ  ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ ᠃  ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠮᠵᠢ ᠶᠢ ᠪᠡᠬᠢᠵᠢᠭᠦᠯᠦᠨ ᠦᠷᠭᠡᠳᠬᠡᠬᠦ ᠡᠯ᠎ᠡ ᠵᠦᠢᠯ ᠦᠨ ᠠᠵᠢᠯ ᠢ ᠦᠴᠦᠬᠡᠨ ᠴᠤ ᠰᠤᠯᠠᠷᠠᠭᠤᠯᠤᠯ ᠦᠭᠡᠢ ᠰᠠᠢᠲᠤᠷ ᠠᠳᠬᠤᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠵᠤ᠂ ︽ᠳᠥᠷᠪᠡᠨ ᠨᠢᠭᠡ ᠪᠦᠯᠦᠭ︾  ᠬᠠᠪᠰᠤᠷᠤᠨ ᠳᠡᠳᠬᠦᠬᠦ ᠠᠵᠤ ᠦᠢᠯᠡᠰ ᠦᠨ  ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠥᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ︽ ᠮᠢᠩᠭ᠎ᠠ ᠲᠦᠮᠡ ᠶᠢᠨ ᠢᠨᠵᠧᠨᠧᠷᠢᠩ︾  ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠰᠢᠨ ᠰᠠᠭᠤᠷᠢᠰᠢᠬᠤ ᠣᠷᠴᠢᠨ ᠲᠣᠭᠣᠷᠢᠨ ᠤ ᠵᠠᠰᠠᠯᠲᠠ ᠶᠢ ᠥᠷᠭᠦᠯᠵᠢᠯᠡᠨ ᠰᠠᠢᠲᠤᠷ ᠠᠳᠬᠤᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ᠂ ᠠᠷᠢᠭᠤᠨ ᠴᠡᠪᠡᠷ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 500 ᠺᠢᠯᠣᠮᠧᠲᠷ ᠰᠢᠨᠡᠳᠬᠡᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠨᠠᠢᠷᠠᠮᠳᠠᠭᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠨᠡᠩ ᠴᠡᠴᠡᠭᠯᠡᠨ ᠬᠥᠭᠵᠢᠵᠦ ᠂ ᠮᠠᠯᠴᠢᠨ ᠲᠠᠷᠢᠶᠠᠴᠢᠨ ᠤ ᠠᠮᠢᠳᠤᠷᠠᠯ ᠨᠡᠩ ᠥᠭᠡᠳᠡ ᠡᠰᠡᠷᠡᠭ ᠪᠣᠯᠬᠤ ᠶᠢ ᠠᠬᠢᠭᠤᠯᠤᠨ᠎ᠠ᠃    (ᠳᠤᠯᠤᠭ᠎ᠠ) ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠭᠡᠷ ᠦᠨ ᠶᠠᠪᠤᠳᠠᠯ ᠤᠯᠤᠰ ᠤᠨ ᠶᠠᠪᠤᠳᠠᠯ ᠳᠡᠯᠡᠬᠡᠢ ᠳ᠋ᠠᠬᠢᠨ ᠤ ᠶᠠᠪᠤᠳᠠᠯ ᠠᠷᠠᠳ ᠲᠦᠮᠡᠨ ᠳᠤ ᠵᠤᠯ ᠵᠢᠷᠭᠠᠯ ᠲᠠᠢ ᠠᠮᠢᠳᠤᠷᠠᠯ ᠢ ᠡᠳ᠋ᠯᠡᠭᠦᠯᠬᠦ ᠪᠣᠯ ᠲᠡᠷᠢᠭᠦᠨ ᠴᠢᠬᠤᠯᠠ ᠶᠠᠪᠤᠳᠠᠯ᠃ ᠪᠢᠳᠡ ᠬᠦᠴᠦᠨ ᠢᠶᠠᠨ ᠲᠥᠪᠯᠡᠷᠡᠭᠦᠯᠦᠨ ᠣᠯᠠᠨ ᠲᠦᠮᠡᠨ ᠤ ᠮᠡᠳᠡᠷᠡᠵᠦ ᠬᠦᠷᠲᠡᠵᠦ ᠳᠡᠢᠯᠬᠦ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠵᠦ᠂ ᠣᠯᠠᠨ ᠲᠦᠮᠡᠨ ᠤ ᠳᠡᠷᠭᠡᠳᠡᠬᠢ ᠶᠡᠭᠡ ᠶᠠᠪᠤᠳᠠᠯ ᠪᠠᠭ᠎ᠠ ᠤᠴᠢᠷ ᠢ ᠰᠠᠶᠢᠲᠤᠷ ᠰᠢᠢᠳᠪᠦᠷᠢᠯᠡᠵᠦ᠂ ᠪᠠᠶᠠᠨᠨᠠᠭᠤᠷ ᠤᠨ ᠡᠨᠡ ᠬᠦ ︽ᠠᠷᠠᠳ ᠤᠨ ᠬᠡᠰᠢᠭᠲᠦ ᠣᠷᠣᠨ︾  ᠳᠠᠬᠢᠨ ᠰᠢᠨ᠎ᠡ ᠭᠡᠷᠡᠯ ᠭᠢᠯᠪᠠᠭ᠎ᠠ ᠨᠡᠮᠡᠷᠢᠯᠡᠨ᠎ᠡ᠃      ᠦᠨᠳᠦᠰᠦᠲᠡᠨ ᠤ ᠪᠦᠯᠬᠦᠮᠳᠡᠯ ᠤᠨ ᠢᠵᠢᠯᠢ ᠲᠥᠪᠲᠦ ᠵᠠᠮ ᠢᠶᠠᠷ ᠰᠠᠶᠢᠲᠤᠷ ᠵᠠᠮᠨᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ  ᠢ ᠪᠠᠲᠤ  ᠴᠣᠭᠴᠠᠯᠠᠬᠤ  ᠭᠤᠣᠯ ᠰᠢᠵᠢᠮ ᠢ  ᠡᠯ᠎ᠡ ᠵᠦᠢᠯ  ᠤᠨ ᠠᠵᠢᠯ  ᠳᠤ ᠪᠦᠬᠦ  ᠲᠠᠯ᠎ᠠ  ᠪᠠᠷ  ᠲᠤᠭᠤᠰᠢᠯᠠᠭᠤᠯᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠱᠠᠭᠠᠷᠳᠠᠯᠭ᠎ᠠ  ᠶᠢ ᠡᠯ᠎ᠡ  ᠵᠦᠢᠯ  ᠤᠨ ᠠᠵᠢᠯ  ᠦᠢᠯᠡᠰ ᠲᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠶᠢ ᠳᠠᠭᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠢ ᠪᠠᠶᠠᠨᠨᠠᠭᠤᠷ ᠤᠨ ᠬᠠᠮᠤᠭ ᠤᠨ ᠬᠦᠴᠦᠷᠬᠡᠭ ᠳᠠᠭᠤᠨ ᠪᠣᠯᠭᠠᠨ᠎ᠠ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠭᠤᠷᠪᠠᠨ ᠲᠥᠯᠥᠪᠯᠡᠭᠡ︾  ᠭᠦᠨᠵᠡᠭᠡᠶ ᠬᠡᠷᠡᠭᠵᠢᠭᠦᠯᠵᠦ ᠂  16 ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠪᠠ ᠬᠢᠯᠢ ᠬᠢᠵᠠᠭᠠᠷ ᠢᠶᠠᠨ ᠰᠠᠬᠢᠵᠤ ᠬᠢᠯᠢ ᠬᠢᠵᠠᠭᠠᠷ ᠢᠶᠠᠨ ᠪᠡᠬᠢᠵᠢᠭᠦᠯᠬᠦ ᠶᠢ ᠬᠠᠮᠲᠤᠪᠡᠷ ᠠᠬᠢᠭᠤᠯᠵᠤ᠂ ᠬᠢᠯᠢ ᠬᠢᠵᠠᠭᠠᠷ ᠤᠨ ᠬᠥᠮᠥᠨ ᠠᠮᠠ ᠬᠦᠨᠳᠡᠢᠷᠡᠬᠦ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠦᠨᠳᠦᠰᠦᠲᠡᠨ ᠨᠤᠭᠦᠳ ᠤᠨ ᠣᠯᠠᠨ ᠲᠦᠮᠡᠨ ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠦᠨ᠎ᠡ᠃      ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠢᠳᠠᠪᠤᠷᠢᠵᠢᠭᠤᠯᠤᠨ᠎ᠠ᠃  ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢᠯᠠᠯ ᠢ ᠢᠯᠡᠭᠦᠬᠡᠨ ᠡᠷᠬᠢᠯᠡᠵᠦ᠂ ᠲᠣᠮᠣ ᠳᠤᠮᠳᠠ ᠵᠢᠵᠢᠭ ᠠᠵᠤ ᠠᠬᠤᠶᠢᠯᠠᠯ ᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠦᠢᠯᠡᠰ ᠪᠣᠰᠬᠠᠬᠤ ᠶᠢ ᠲᠡᠳᠬᠦᠬᠦ ᠵᠡᠷᠭᠡ ︽ᠬᠠᠮ ᠠᠷᠭ᠎ᠠ ᠪᠣᠳᠣᠯᠭ᠎ᠠ︾  ᠰᠠᠶᠢᠲᠤᠷ ᠬᠡᠷᠡᠭᠵᠢᠭᠦᠯᠵᠦ ᠂ ᠡᠯ᠎ᠡ ᠲᠥᠷᠥᠯ ᠦᠨ ᠠᠵᠤ ᠠᠬᠤᠢᠯᠠᠯ ᠢ ᠢᠯᠡᠭᠦᠬᠡᠨ ᠡᠷᠬᠢᠯᠡᠵᠦ᠂ ᠠᠵᠢᠯ ᠣᠯᠭᠣᠬᠣ ᠠᠵᠢᠯ ᠤᠨ ᠪᠠᠢᠷᠢ ᠶᠢ ᠢᠯᠡᠭᠦᠬᠡᠨ ᠬᠠᠩᠭᠠᠨ᠎ᠠ᠃ ᠠᠵᠢᠯᠴᠢᠨ ᠢ ᠠᠵᠤ ᠠᠬᠤᠢᠯᠠᠯ ᠳᠤ ᠬᠦᠷᠭᠡᠬᠦ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ᠂ ᠠᠵᠢᠯ ᠣᠯᠭᠣᠯᠲᠠ ᠶᠢᠨ ᠨᠥᠬᠦᠪᠦᠷᠢ ᠥᠭᠬᠦ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠠᠵᠤ ᠠᠬᠤᠢᠯᠠᠯ ᠢ ᠬᠦᠲᠦᠯᠦᠨ ᠵᠢᠯᠣᠭᠤᠳᠴᠤ ᠪᠠᠢᠭᠠᠳ ᠢᠯᠡᠭᠦᠬᠡᠨ  ᠲᠤᠬᠠᠢ ᠶᠢᠨ ᠭᠠᠵᠠᠷ ᠲᠤᠨᠢ ᠠᠵᠢᠯᠴᠢᠨ ᠡᠯᠰᠡᠭᠦᠯᠦᠨ᠎ᠡ᠃ ᠠᠵᠢᠯ ᠣᠯᠭᠣᠬᠣ ᠪᠠᠷ ᠳᠡᠳᠬᠦᠮᠵᠢ ᠶᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠵᠦ᠂ ᠮᠠᠯᠴᠢᠨ ᠲᠠᠷᠢᠶᠠᠴᠢᠨ ᠤ ᠪᠠᠷᠢᠯᠭ᠎ᠠ ᠶᠢᠨ ᠠᠩᠭᠢ᠂ ᠬᠦᠳᠡᠯᠮᠦᠷᠢ ᠦᠢᠯᠡᠴᠢᠯᠡᠭᠡᠨ ᠦ ᠬᠣᠷᠰᠢᠶ᠎ᠠ ᠶᠢ ᠵᠣᠬᠢᠶᠠᠨ ᠪᠠᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠢ ᠬᠦᠲᠦᠯᠦᠨ ᠵᠢᠯᠣᠭᠣᠳᠴᠤ ᠪᠠᠢᠭᠠᠳ ᠡᠯᠡᠰᠦᠷᠬᠡᠭᠵᠢᠯ ᠢ ᠰᠡᠷᠭᠡᠢᠯᠡᠨ ᠡᠯᠡᠰᠦ ᠶᠢ ᠵᠠᠰᠠᠬᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠵᠡᠷᠭᠡ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠳᠤ ᠢᠳᠡᠪᠬᠢᠲᠠᠢ ᠣᠷᠣᠯᠴᠠᠭᠤᠯᠵᠤ᠂ ᠣᠯᠠᠨ ᠠᠷᠭ᠎ᠠ ᠵᠠᠮ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠠᠵᠤ ᠦᠢᠯᠡᠰ᠂ ᠠᠳᠠᠯ ᠦᠢᠯᠡᠰ ᠴᠣᠭᠴᠠᠯᠠᠬᠤ᠂ ᠠᠵᠢᠯ ᠣᠯᠭᠤᠬᠤ ︽ᠭᠤᠷᠪᠠᠨ ᠦᠢᠯᠡᠰ ᠬᠤᠯᠪᠣᠭᠠᠯᠠᠨ ᠬᠥᠳᠡᠯᠦᠯᠴᠡᠬᠦ︾  ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠵᠤ᠂ ᠬᠠᠨᠳᠤᠯᠭ᠎ᠠ ᠲᠠᠢ ᠪᠠᠷ ᠠᠵᠢᠯ ᠤᠨ ᠪᠠᠢᠷᠢ ᠲᠣᠭᠲᠠᠭᠠᠨ ᠵᠠᠬᠢᠶᠠᠯᠠᠭ᠎ᠠ ᠶᠢᠨ ᠮᠠᠶ᠋ᠢᠭ ᠤᠨ ᠪᠣᠯᠪᠠᠰᠤᠷᠠᠯ ᠬᠢᠵᠦ  ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠨᠠᠷᠢᠯᠢᠭ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂  ︽ᠬᠥᠮᠥᠨ ᠲᠠᠢ ᠪᠣᠯᠪᠠᠴᠤ  ᠬᠢᠬᠦ ᠠᠵᠢᠯ ᠦᠭᠡᠢ︾ ᠪᠠ ︽ ᠠᠵᠢᠯ ᠲᠠᠢ ᠪᠣᠯᠪᠠᠴᠤ ᠬᠢᠬᠦ ᠬᠥᠮᠥᠨ ᠦᠭᠡᠢ︾ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠨ᠎ᠡ᠃ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ ᠂ ᠬᠦᠴᠢᠷᠳᠡᠯᠲᠡᠶ ᠬᠥᠮᠦᠰ ᠢ ᠬᠠᠪᠰᠤᠷᠤᠨ ᠭᠦᠢᠴᠡᠳ ᠠᠵᠢᠯ ᠣᠯᠭᠤᠵᠤ᠂ ︽ᠠᠵᠢᠯ ᠣᠯᠤᠭᠰᠠᠨ ᠬᠥᠮᠦᠨ ᠥᠬᠡᠶ ᠬᠡᠷ ᠪᠦᠯᠢ︾ ᠶᠢ ᠬᠥᠳᠡᠯᠦᠩᠭᠦᠶ ᠪᠠᠷ ᠦᠭᠡᠶᠢᠰᠬᠡᠬᠦ ᠶᠢ ᠪᠡᠶᠡᠯᠡᠭᠦᠯᠦᠨ᠎ᠡ᠃       ᠨᠡᠶᠢᠭᠡᠮ ᠦᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠨᠣᠪᠴᠢᠳᠡᠢ ᠪᠠᠷ ᠲᠠᠭᠠᠳᠬᠠᠯ ᠳᠤ ᠣᠷᠣᠯᠴᠬᠠᠰᠠᠨ ᠭᠡᠪᠴᠢᠶ᠎ᠠ ᠶᠢ ᠦᠷᠭᠡᠳᠭᠡᠬᠦ ᠲᠣᠰᠬᠠᠢ ᠠᠵᠢᠯᠯᠠᠭ᠎ᠠ ᠶᠢ ᠦᠷᠨᠢᠬᠦᠯᠵᠦ ᠂ ᠦᠨᠳᠣᠰᠣᠡ ᠨᠠᠰᠣᠵᠢᠯ ᠤᠨ ᠪᠠ ᠡᠮᠴᠢᠯᠡᠭᠡᠨ ᠤ ᠲᠠᠭᠠᠳᠬᠠᠯ ᠳᠤ ᠣᠷᠣᠯᠴᠬᠠᠰᠠᠨ ᠨᠣᠷᠮ᠎ᠠ ᠶᠢ 95% ᠠᠴᠠ ᠳᠡᠭᠡᠭᠰᠢ ᠳᠤ ᠲᠣᠠᠠᠳᠠᠭᠤᠨ ᠪᠠᠶᠢᠯᠭᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂  ᠣᠯᠠᠨ ᠲᠦᠮᠡᠨ ᠤ ᠡᠪᠡᠳᠴᠢᠨ ᠦᠵᠡᠭᠦᠯᠬᠦ ᠂ ᠠᠮᠢ ᠠᠪᠤᠷᠠᠬᠤ ᠮᠥᠩᠭᠦ ᠶᠢ ᠦᠨᠡᠨ ᠬᠦ ᠰᠠᠶᠢᠲᠤᠷ ᠬᠠᠮᠠᠭᠠᠯᠠᠨ᠎ᠠ᠃ ᠱᠠᠲᠤ ᠲᠥᠷᠥᠯ ᠬᠤᠪᠢᠶᠠᠭᠰᠠᠨ ᠨᠡᠶᠢᠭᠡᠮ ᠦᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠣᠨᠴᠠᠭᠠᠢ ᠬᠦᠴᠢᠷᠳᠡᠯᠲᠡᠶ ᠬᠦᠮᠦᠰ ᠢ ᠬᠠᠯᠠᠮᠵᠢᠯᠠᠨ ᠬᠠᠶᠢᠷᠠᠯᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠦᠨ ᠬᠣᠯᠪᠣᠭᠠᠲᠤ ᠬᠤᠷᠠᠯ᠂ ᠵᠡᠮᠳᠡᠭᠴᠦᠳ ᠦᠨ ᠬᠣᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠦ ᠪᠦᠯᠬᠦᠮ ᠦᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠶᠢ ᠳᠡᠮᠵᠢᠨ᠎ᠡ᠃ ᠭᠡᠷ ᠪᠦᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠶᠡᠷᠦᠩᠬᠡᠶᠢᠯᠡᠭᠰᠡᠨ ᠬᠡᠦᠬᠡᠳ ᠰᠠᠭᠠᠲᠠᠭᠤᠯᠬᠤ ᠲᠥᠪ ᠢ ᠪᠠᠶᠢᠭᠤᠯᠵᠤ᠂ ᠦᠷᠡᠵᠢᠯ ᠦᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠤᠷᠤᠰᠢᠭᠤᠯᠭ᠎ᠠ ᠶᠢᠨ ᠬᠦᠷᠢᠶᠡᠨ ᠦ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠨ᠎ᠡ ᠃      ᠡᠮ ᠡᠮᠨᠡᠯᠭᠡ ᠶᠢᠨ ᠦᠢᠯᠡᠴᠢᠯᠡᠭᠡᠨ ᠦ ᠲᠥᠪᠰᠢᠨ ᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠡᠭᠡᠵᠢᠩ ᠤᠨ ᠪᠠᠶᠢᠩᠭᠤ ᠰᠠᠭᠤᠭ᠎ᠠ ᠲᠤᠰᠬᠠᠶ ᠮᠡᠷᠭᠡᠵᠢᠯᠲᠡᠨ ᠢ ᠨᠡᠮᠡᠭᠳᠡᠭᠦᠯᠦᠨ᠂ ᠵᠢᠷᠦᠬᠡ ᠲᠠᠷᠢᠬᠢᠨ ᠤ ᠴᠢᠰᠤᠨ ᠰᠤᠳᠠᠯ᠂ ᠠᠮᠢᠰᠬᠤᠯ ᠤᠨ ᠵᠠᠮ᠂ ᠬᠠᠪᠤᠳᠠᠷ ᠵᠡᠷᠭᠡ ᠡᠪᠡᠳᠴᠢᠨ ᠢ ᠣᠨᠣᠰᠢᠯᠠᠨ ᠡᠮᠨᠡᠬᠦ ᠴᠢᠳᠠᠪᠤᠷᠢ ᠶᠢ  ᠳᠡᠭᠡᠭᠰᠢᠯᠡᠭᠦᠯᠦᠨ᠎ᠡ︔ ᠬᠤᠲᠠ ᠶᠢᠨ ᠣᠯᠠᠨ ᠲᠦᠮᠡᠨ ᠤ ᠣᠯᠠᠨ ᠡᠭᠦᠰᠳᠡᠭ ᠡᠪᠡᠳᠴᠢᠨ ᠤ ᠲᠣᠭᠤᠷᠢᠨ ᠳᠤ ᠪᠡᠭᠡᠵᠢᠩ ᠤᠨ ᠥᠨᠳᠥᠷ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠲᠠᠢ ᠣᠷᠳᠣ ᠬᠤᠭᠤᠴᠠᠭᠠᠨ ᠤ ᠪᠦᠲᠦᠮᠵᠢᠲᠡᠶ ᠣᠨᠣᠰᠢᠯᠠᠨ ᠡᠮᠨᠡᠬᠦ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠳᠤ ᠬᠡᠷ ᠤᠨ ᠡᠭᠦᠳᠡᠨ ᠳᠡᠬᠡᠨ ᠨᠡᠶᠢᠰᠯᠡᠯ ᠤᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ ᠡᠮᠴᠢᠯᠡᠭᠡ᠂ ᠡᠮᠴᠢᠯᠡᠭᠡᠨ ᠦ ᠳᠠᠭᠠᠳᠬᠠᠯ᠂ ᠡᠮ ᠡᠮᠨᠡᠯᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠴᠢᠨᠠᠷ ᠰᠠᠢᠲᠠᠢ ᠡᠮᠴᠢᠯᠡᠭᠡᠨ ᠦ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠵᠤ ᠂  ᠨᠢᠭᠲᠠ  ᠬᠡᠯᠪᠡᠷᠢ ᠶᠢᠨ  ᠰᠢᠶᠠᠨ ᠤ  ᠬᠡᠪᠴᠢᠶᠡᠨ ᠦ ᠡᠮᠴᠢᠯᠡᠭᠡᠨ ᠦ ᠬᠠᠮᠲᠤ ᠶᠢᠨ ᠴᠣᠭᠴᠠ ᠶᠢᠨ ᠪᠠᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠦ ᠦᠢᠯᠡᠴᠢᠯᠡᠭᠡᠨ ᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠯᠳᠠᠪᠤᠷᠢᠲᠤ ᠴᠢᠨᠠᠷᠲᠠᠶ ᠡᠪᠡᠳᠴᠢᠨ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ ᠢ ᠪᠦᠷᠢᠨᠰᠢᠭᠦᠯᠵᠦ᠂ ᠬᠤᠯᠤᠭᠠᠨ᠎ᠠ ᠶᠢᠨ ᠬᠢᠵᠢᠭ᠂ ᠬᠥᠮᠦᠨ ᠤ ᠬᠤᠭᠤᠷᠤᠨᠳᠤᠬᠢ ᠪᠷᠦ᠋ᠼᠧᠯ ᠡᠪᠡᠳᠴᠢᠨ ᠵᠡᠷᠭᠡ ᠬᠦᠨᠳᠦ ᠶᠡᠭᠡ ᠬᠠᠯᠳᠠᠪᠤᠷᠢᠲᠤ ᠴᠢᠨᠠᠷᠲᠠᠶ ᠡᠪᠡᠳᠴᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠨᠡᠯᠭᠡ ᠶᠢᠨ ᠠᠵᠢᠯᠲᠠᠨ ᠤ ᠮᠤᠷᠠᠯ ᠰᠤᠷᠲᠠᠯ ᠤᠨ ᠬᠦᠮᠦᠵᠢᠯ ᠢ ᠴᠢᠩᠭᠠᠳᠬᠠᠵᠤ᠂ ᠡᠷᠬᠢᠮ ᠳᠡᠭᠡᠳᠦ ᠲᠤᠬᠠᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠡᠮᠴᠢᠯᠡᠭᠡᠨ ᠦ ᠣᠷᠴᠢᠨ ᠲᠣᠭᠣᠷᠢᠨ ᠢ ᠰᠢᠯᠢᠳᠡᠭᠵᠢᠭᠦᠯᠵᠦ᠂ ᠡᠪᠡᠳᠴᠢᠲᠡᠨ ᠦ ᠡᠪᠡᠳᠴᠢᠨ ᠦᠵᠡᠭᠦᠯᠬᠦ  ᠪᠡᠶᠡᠴᠢ ᠣᠢᠯᠠᠭᠠᠯᠲᠠ ᠶᠢ ᠳᠡᠭᠡᠭᠰᠢᠯᠡᠭᠦᠯᠦᠨ᠂ ᠣᠯᠠᠨ ᠲᠦᠮᠡᠨ ᠡᠪᠡᠳᠴᠢᠨ ᠢᠶᠡᠨ ᠦᠵᠡᠭᠦᠯᠵᠦ ᠳᠡᠢᠯᠬᠦ ᠂ ᠡᠪᠡᠳᠴᠢᠨ ᠢᠶᠡᠨ  ᠡᠮᠨᠡᠭᠦᠯᠵᠦ ᠳᠡᠢᠯᠬᠦ᠂ ᠡᠪᠡᠳᠴᠢᠨ ᠢᠶᠡᠨ  ᠡᠳᠡᠭᠡᠷᠡᠭᠦᠯᠵᠦ ᠳᠡᠢᠯᠬᠦ ᠪᠣᠯᠭᠠᠨ᠎ᠠ᠃      ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂  ᠪᠣᠷᠣᠲᠣᠬᠣᠢ ᠶᠢᠨ ᠰᠣᠶᠣᠯ ᠦᠨ ᠪᠠᠶᠠᠯᠢᠭ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠦᠷᠲᠡᠭ ᠢ ᠭᠦᠨᠵᠡᠭᠡᠢ ᠠᠭᠤᠳᠠᠯᠯᠠᠵᠤ᠂ ᠦᠵᠡᠯ ᠰᠠᠨᠠᠭ᠎ᠠ ᠲᠠᠢ᠂ ᠣᠯᠠᠨ ᠲᠦᠮᠡᠨ ᠲᠠᠢ ᠣᠶᠢᠷᠠᠲᠤᠭᠰᠠᠨ᠂ ᠳᠠᠭᠤᠷᠢᠰᠤᠭᠰᠠᠨ᠂ ᠤᠯᠠᠮᠵᠢᠯᠠᠭᠳᠠᠭᠰᠠᠨ ᠨᠠᠩ ᠣᠯᠠᠨ ᠰᠣᠳᠣᠨ ᠪᠦᠲᠦᠭᠡᠯ ᠢ ᠭᠠᠷᠭᠠᠵᠤ᠂ ᠰᠣᠶᠣᠯ ᠤᠨ ᠣᠮᠣᠭᠰᠢᠯᠲᠤ ᠰᠡᠳᠬᠢᠯᠭᠡ ᠶᠢ ᠪᠣᠶ ᠪᠣᠯᠭᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ︽ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠦᠨ ᠨᠡᠢᠳᠡᠮ ᠪᠠᠢᠴᠠᠭᠠᠯᠲᠠ︾  ᠲᠤᠬᠠᠢ ᠶᠢᠨ ᠭᠠᠵᠠᠷ ᠤᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠡᠬᠢ ᠲᠡᠦᠬᠡ ᠶᠢᠨ ᠳᠤᠷᠠᠰᠬᠠᠯᠲᠤ ᠵᠦᠢᠯ ᠦᠨ ᠬᠠᠮᠠᠭᠠᠯᠠᠯᠲᠠ ᠶᠢᠨ ᠤᠷᠢᠳᠠᠴᠢ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠮᠤᠨᠠ ᠠᠭᠤᠯᠠ ᠶᠢᠨ ᠬᠠᠳᠠᠨ ᠵᠢᠷᠤᠭ ᠤᠨ ᠲᠣᠭᠠᠴᠢᠯᠠᠭᠰᠠᠨ  ᠦᠵᠡᠭᠦᠯᠭᠡ ᠶᠢᠨ ᠲᠥᠷᠥᠯ ᠵᠦᠢᠯ ᠢ ᠪᠡᠶᠡᠯᠡᠭᠦᠯᠵᠦ᠂ ᠤᠷᠳᠤ ᠴᠠᠭᠠᠨ ᠬᠡᠷᠡᠮ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠰᠠᠶᠢᠲᠤᠷ ᠠᠳᠬᠤᠨ᠎ᠠ᠃ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠤᠯᠠᠭᠠᠨᠰᠤᠬᠠᠢ ᠶᠢᠨ ᠪᠥᠬᠦ ᠤᠯᠤᠰ ᠤᠨ ᠰᠢᠨᠲᠠᠰᠤ ᠰᠢᠯᠭᠠᠬᠤ ᠭᠤᠷᠪᠠᠨ ᠵᠦᠢᠯ ᠤᠨ ᠤᠷᠤᠯᠳᠤᠭᠠᠨ ᠢ ᠢᠳᠡᠪᠬᠢᠲᠡᠶ ᠭᠤᠶᠤᠴᠢᠯᠠᠨ ᠡᠷᠬᠢᠯᠡᠵᠦ᠂ ᠪᠥᠬᠦ ᠤᠯᠤᠰ ᠤᠨ ᠮᠠᠰᠢᠨ ᠲᠡᠷᠭᠡᠨ ᠤ ᠬᠡᠭᠡᠷᠡᠯᠡᠨ ᠠᠶᠠᠯᠠᠬᠤ ᠲᠡᠰᠬᠡᠯ ᠤᠷᠤᠯᠳᠤᠭᠠᠨ᠂ ᠶᠠᠪᠠᠭᠠᠨ ᠢᠶᠠᠷ  ᠬᠡᠭᠡᠷᠡᠯᠡᠨ ᠠᠶᠠᠯᠠᠬᠤ ᠥᠷᠢᠰᠦᠯᠳᠦᠬᠦ ᠤᠷᠤᠯᠳᠤᠭᠠᠨ ᠵᠡᠷᠭᠡ ᠤᠷᠤᠯᠳᠤᠭᠠᠨ ᠢ ᠡᠷᠬᠢᠯᠡᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠭᠤᠯᠭ᠎ᠠ ᠨᠢᠭᠡᠴᠡ  ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠲᠥᠬᠦᠭᠡᠷᠦᠮᠵᠢ ᠶᠢ ᠨᠡᠶᠢᠭᠡᠮ ᠳᠤ ᠴᠢᠯᠥᠭᠡᠲᠡᠶ ᠨᠡᠭᠡᠭᠡᠬᠦ ᠶᠢ ᠵᠣᠷᠢᠭᠵᠢᠭᠤᠯᠵᠤ᠂ ᠤᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠨᠡᠩ ᠤᠯᠠᠨ  ᠠᠷᠠᠳ ᠲᠦᠮᠡᠨ ᠢ ᠬᠦᠲᠦᠯᠦᠨ ᠵᠢᠯᠣᠭᠣᠳᠴᠤ ᠠᠯᠬᠤᠵᠤ᠂  ᠬᠥᠳᠡᠯᠵᠦ᠂ ᠭᠦᠶᠦᠵᠦ  ᠡᠬᠢᠯᠡᠭᠦᠯᠵᠦ᠂ ᠲᠠᠮᠢᠷ ᠤᠨ ᠬᠥᠳᠡᠯᠭᠡᠭᠡᠨ ᠤ ᠳᠤᠮᠳᠠ ᠪᠠᠶᠠᠷ  ᠪᠠᠶᠠᠰᠤᠯ ᠢ ᠮᠡᠳᠡᠷᠡᠵᠦ᠂ ᠡᠷᠡᠭᠦᠯ ᠴᠢᠬᠢᠷᠠᠭ ᠢ ᠣᠯᠣᠨ᠎ᠠ᠃      ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠣᠯᠳᠠᠯᠭ᠎ᠠ ᠲᠠᠢ ᠲᠠᠯᠠᠪᠤᠷ᠂ ᠴᠢᠬᠤᠯᠠ ᠶᠡᠭᠡ ᠠᠵᠢᠯᠯᠠᠭ᠎ᠠ ᠶᠢᠨ ᠬᠠᠮᠢᠶᠠᠷᠤᠯᠲᠠ ᠪᠠ ᠨᠡᠶᠢᠭᠡᠮ ᠤᠨ ᠲᠠᠯ᠎ᠠ ᠶᠢᠨ ᠲᠣᠭᠤᠷᠢᠨ ᠡᠵᠡᠮᠳᠡᠬᠦ ᠶᠢ ᠴᠢᠩᠭᠠᠳᠬᠠᠵᠤ᠂ ᠵᠡᠭᠡᠯᠢ ᠭᠤᠳᠤᠮᠵᠢ ᠳᠤ ᠴᠠᠭᠳᠠᠭ᠎ᠠ ᠦᠵᠡᠭᠳᠡᠬᠦ ᠨᠤᠷᠮ᠎ᠠ ᠶᠢ ᠳᠡᠭᠡᠭᠰᠢᠯᠡᠭᠦᠯᠵᠦ ᠂  ᠤᠯᠠᠨ ᠲᠦᠮᠡᠨ ᠢ ᠨᠡᠩ ᠠᠮᠤᠷ ᠲᠦᠪᠰᠢᠨ ᠤ ᠲᠦᠷᠦᠭᠳᠡᠯ ᠲᠠᠢ ᠪᠣᠯᠭᠠᠨ᠎ᠠ ᠃  ᠵᠠᠬᠢᠳᠠᠯ ᠰᠤᠷᠪᠤᠯᠵᠢᠯᠠᠭ᠎ᠠ  ᠶᠢᠨ ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠠᠬᠢᠭᠤᠯᠵᠤ ᠂ ᠰᠢᠨ᠎ᠡ ᠴᠠᠭ ᠦᠶ᠎ᠡ ᠶᠢᠨ  ︽ ᠹᠧᠩᠴᠢᠶᠣᠣ  ᠶᠢᠨ ᠲᠤᠷᠰᠢᠯᠭ᠎ᠠ︾  ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠶᠡᠭᠡ ᠪᠠᠷ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ  ᠯᠠᠪᠳᠠᠭᠤᠨ ᠪᠠᠲᠤᠲᠠᠶ ᠥᠷᠨᠢᠭᠦᠯᠦᠨ᠎ᠡ ᠃ ︽ ᠴᠠᠯᠢᠩ ᠢ᠋ ᠪᠠᠲᠤᠯᠠᠬᠤ ᠢᠨᠵᠧᠨᠧᠷᠢᠩ ︾ ᠬᠡᠷᠡᠭᠵᠢᠭᠦᠯᠵᠦ ᠴᠠᠯᠢᠩ ᠥᠷᠢᠲᠦᠭᠰᠡᠨ ᠠᠵᠢᠯᠯᠠᠭ᠎ᠠ ᠶ᠋ᠢ ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠡ ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾   ᠭᠤᠷᠪᠠᠨ ᠵᠢᠯ ᠳᠠᠷᠠᠭᠠᠯᠠᠨ ᠲᠡᠷᠢᠭᠦᠯᠡᠬᠦ ᠶᠢ ᠪᠡᠶᠡᠯᠡᠭᠦᠯᠦᠨ᠎ᠡ᠃      ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ ︽ᠬᠠᠲᠠᠭᠤ ᠠᠷᠭ᠎ᠠ ᠬᠡᠮᠵᠢᠶ᠎ᠡ︾  ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ᠂ ᠬᠢᠨᠠᠨ ᠬᠠᠮᠢᠶᠠᠷᠬᠤ ᠡᠩᠨᠡᠭᠡ ᠶᠢᠨ ᠬᠡᠪ ᠴᠢᠨᠠᠷ  ᠢ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ︽ᠲᠠᠪᠤᠨ ᠶᠡᠭᠡ ᠴᠢᠳᠠᠪᠤᠷᠢ︾ ᠳᠡᠭᠡᠭᠰᠢᠯᠡᠭᠦᠯᠦᠨ᠎ᠡ᠃ ᠳᠤᠮᠳᠠ ᠵᠢᠵᠢᠭ ᠮᠥᠩᠭᠥᠨ ᠭᠦᠢᠯᠭᠡᠭᠡᠨ ᠦ ᠪᠠᠶᠢᠭᠤᠯᠤᠮᠵᠢ ᠶᠢᠨ ᠲᠦᠭᠰᠢᠭᠦᠷᠢ ᠶᠢ ᠯᠠᠪᠳᠠᠭᠤᠨ ᠪᠥᠭᠡᠳ ᠡᠮᠬᠢ ᠵᠢᠷᠤᠮ ᠲᠠᠶ ᠪᠠᠷ ᠠᠷᠢᠯᠭᠠᠵᠤ᠂ ᠥᠷᠢ ᠰᠢᠷᠢ ᠠᠷᠢᠯᠭᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ  ᠬᠠᠮᠠᠭᠠᠯᠠᠨ᠎ᠠ᠃ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    ( ᠨᠠᠢ᠌ᠮᠠ) ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠶᠢ ᠪᠠᠷᠢᠮᠲᠠᠯᠠᠵᠤ ᠂  ᠵᠠᠰᠠᠭ ᠤᠨ ᠣᠷᠳᠣᠨ ᠤ ᠲᠤᠰ ᠪᠡᠶ᠎ᠡ  ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠶᠡᠬᠡ ᠶᠣᠰᠣ ᠲᠤᠢᠯ ᠤᠨ ᠲᠣᠪᠴᠢ᠂ ᠪᠤᠳᠠᠳᠠᠢ ᠠᠵᠢᠯᠯᠠᠬᠤ ᠲᠤᠢᠯ ᠤᠨ ᠴᠢᠬᠤᠯᠠ᠃ ᠪᠢᠳᠡ ︽ᠠᠵᠢᠯᠯᠠᠬᠤ︾ ᠶᠢ ᠲᠡᠷᠢᠭᠦᠨ ᠳᠤ ᠲᠠᠯᠪᠢᠵᠤ᠂  ᠦᠢᠯᠡ ᠠᠵᠢᠯᠯᠠᠭ᠎ᠠ ᠦᠭᠡ ᠶᠠᠷᠢᠶᠠᠨ ᠠᠴᠠ ᠴᠢᠬᠤᠯᠠ᠂ ᠵᠠᠰᠠᠭ ᠤᠨ ᠣᠷᠳᠣᠨ ᠤ ᠠᠵᠢᠯ ᠢ ᠨᠡᠩ ᠪᠣᠳᠠᠲᠠᠢ᠂ ᠦᠷ᠎ᠡ ᠪᠦᠲᠦᠮᠵᠢ ᠶᠢ ᠨᠡᠩ ᠥᠨᠳᠥᠷ ᠪᠣᠯᠭᠠᠬᠤ ᠪᠠᠷ  ᠴᠢᠷᠮᠠᠢᠨ᠎ᠠ᠃      ᠦᠨᠡᠨᠴᠢ ᠰᠢᠳᠤᠷᠭᠤ ᠰᠦᠭ ᠰᠦᠨᠡᠰᠦ ᠶᠢ ᠪᠠᠲᠤ ᠴᠣᠭᠴᠠᠯᠠᠨ᠎ᠠ᠃ ︽ᠶᠡᠷᠦᠩᠬᠡᠢ ᠱᠦᠵᠢ ᠮᠠᠨ ᠤ ᠪᠠᠶᠠᠨᠨᠠᠭᠤᠷ ᠲᠤ ᠰᠠᠭᠠᠲᠠᠭᠰᠠᠨ︾ ᠯᠤᠲᠤ ᠶᠡᠭᠡ ᠤᠶᠤᠨ ᠰᠠᠨᠠᠭᠠᠨ ᠤ ᠤᠷᠢᠶᠠᠯᠠᠬᠤ ᠬᠦᠴᠦᠨ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠵᠤ ᠂  ᠴᠦᠯᠯᠡᠷᠭᠡᠭᠵᠢᠯ  ᠢ  ᠶᠡᠷᠦᠩᠬᠡᠶᠢᠯᠡᠨ  ᠰᠡᠷᠭᠡᠶᠢᠯᠡᠨ  ᠵᠠᠰᠠᠬᠤ  ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠣᠳᠣᠬᠢᠴᠢᠯᠠᠭᠰᠠᠨ ᠥᠨᠳᠥᠷ ᠪᠦᠲᠦᠮᠵᠢᠲᠦ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠬᠡᠪᠡᠷ ᠬᠦᠭᠵᠢᠭᠦᠯᠬᠦ ᠳᠦ ᠳᠠᠭᠤᠷᠢᠶᠠᠯ ᠪᠤᠯᠵᠤ᠂ ᠵᠢᠱᠢᠶ᠎ᠡ ᠦᠵᠡᠭᠦᠯᠵᠦ᠂ ᠴᠢᠩ ᠰᠡᠳᠬᠢᠯ ᠦᠨ ᠬᠦᠰᠡᠯ ᠨᠠᠢᠳᠠᠯᠭ᠎ᠠ ᠶᠢ ᠦᠢᠯᠡᠳᠦᠯᠭᠡᠵᠢᠭᠦᠯᠦᠨ᠂ ᠪᠣᠳᠠᠳᠤ ᠦᠵᠡᠮᠵᠢ ᠪᠣᠯᠭᠠᠨ ᠬᠤᠪᠢᠷᠠᠭᠤᠯᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠭᠰᠠᠨ︾   ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾  ᠡᠷᠡᠰ ᠪᠡᠶᠡᠯᠡᠭᠦᠯᠦᠨ᠎ᠡ᠃     ᠬᠠᠤᠯᠢ ᠪᠠᠷ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ  ᠪᠣᠳᠣᠯᠭ᠎ᠠ  ᠲᠣᠭᠲᠠᠭᠠᠬᠤ ᠳᠡᠰ ᠳᠠᠷᠠᠭᠠᠯᠠᠯ  ᠢ ᠴᠢᠩᠭ᠎ᠠ ᠨᠠᠶᠢᠳᠠᠪᠤᠷᠢᠵᠢᠭᠤᠯᠵᠤ ᠂  ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠦᠨ ᠳᠤᠷᠠᠳᠤᠭᠰᠠᠨ ᠵᠥᠪ ᠣᠨᠣᠪᠴᠢᠲᠠᠢ ᠦᠵᠡᠯᠲᠡ ᠲᠠᠨᠢᠯᠲᠠ ᠶᠢ ᠠᠵᠢᠯ ᠢᠶᠠᠨ ᠠᠬᠢᠭᠤᠯᠬᠤ ︽ ᠰᠠᠢᠨ ᠪᠣᠳᠣᠯᠭ᠎ᠠ ᠪᠣᠲᠠᠲᠤ ᠠᠷᠭ᠎ᠠ︾ ᠪᠣᠯᠭᠠᠨ ᠬᠤᠪᠢᠷᠠᠭᠤᠯᠵᠤ᠂  ᠤᠯᠤᠰ ᠲᠥᠷᠥ ᠶᠢᠨ ᠵᠥᠪᠯᠡᠯᠭᠡᠨ ᠦ ᠭᠡᠰᠢᠭᠦᠳ ᠦᠨ ᠴᠢᠨᠠᠷ ᠰᠠᠢᠲᠠᠢ ᠪᠠᠢᠴᠠᠭᠠᠨ ᠰᠣᠳᠣᠯᠣᠯᠲᠠ ᠶᠢᠨ ᠦᠷ᠎ᠡ ᠪᠦᠲᠦᠭᠡᠯ ᠢ ᠪᠤᠳᠠᠳᠠᠢ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠷᠠᠳ ᠤᠨ ᠲᠥᠯᠥᠭᠡᠯᠡᠭᠴᠢᠳ ᠦᠨ  ᠶᠡᠬᠡ ᠬᠤᠷᠠᠯ ᠤᠨ ᠲᠥᠯᠥᠭᠡᠯᠡᠭᠴᠢᠳ ᠦᠨ ᠰᠠᠨᠠᠯ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠦ ᠭᠡᠰᠢᠭᠦᠳ ᠦᠨ ᠰᠠᠨᠠᠯ ᠳᠤᠷᠠᠳᠤᠯᠭ᠎ᠠ ᠶᠢ ᠬᠢᠨᠠᠮᠠᠭᠠᠢ  ᠭᠦᠢᠴᠡᠳᠬᠡᠨ᠎ᠡ᠃  ᠢᠲᠡᠭᠡᠮᠵᠢᠲᠡᠢ ᠠᠮᠠᠯᠠᠯᠲᠠ ᠪᠠᠨ ᠪᠡᠶᠡᠯᠡᠭᠦᠯᠵᠦ᠂ ᠬᠡᠯᠡᠭᠰᠡᠨ ᠳᠡᠭᠡᠨ ᠬᠦᠷᠴᠦ ᠂  ᠪᠠᠶᠠᠨᠨᠠᠭᠤᠷ ᠤᠨ ᠦᠨᠡᠨᠴᠢ ᠢᠲᠡᠭᠡᠮᠵᠢᠲᠡᠢ  ᠨᠠᠢᠳᠠᠪᠤᠷᠢᠲᠠᠢ ᠪᠠᠶᠢᠬᠤ ᠳᠦᠷᠢ ᠲᠥᠷᠬᠦ ᠶᠢ  ᠱᠤᠭᠤᠨ᠎ᠠ᠃      ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠤᠨ᠎ᠠ ᠃ ᠲᠤᠰᠬᠠᠢ ᠮᠡᠷᠭᠡᠵᠢᠯ ᠤᠨ ᠰᠡᠳᠬᠢᠬᠦᠢ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ︽ᠡᠴᠦᠰ ᠲᠤᠨᠢ ᠲᠤᠯᠲᠠᠯ᠎ᠠ ᠠᠰᠠᠭᠤᠬᠤ︾ ᠵᠣᠷᠢᠭ ᠰᠠᠨᠠᠭ᠎ᠠ ᠪᠠᠷ ᠠᠵᠢᠯ ᠢᠶᠠᠨ ᠰᠤᠳᠤᠯᠵᠤ᠂ ᠲᠤᠬᠠᠶᠢᠯᠠᠭᠰᠠᠨ ᠠᠵᠢᠯ ᠢᠶᠠᠨ ᠰᠤᠳᠤᠯᠵᠤ᠂ ᠴᠠᠭᠠᠷᠠᠭᠰᠠᠨ ᠴᠢᠳᠠᠪᠤᠷᠢᠲᠠᠨ ᠪᠣᠯᠬᠤ ᠪᠠᠷ ᠴᠢᠷᠮᠠᠢᠵᠤ᠂ ᠨᠠᠢᠳᠠᠪᠤᠷᠢᠵᠢᠭᠤᠯᠤᠯᠲᠠ ᠶᠢ ᠠᠳᠬᠤᠬᠤ  ᠦᠷ᠎ᠡ ᠪᠦᠲᠦᠮᠵᠢ  ᠶᠢ ᠶᠡᠬᠡᠪᠡᠷ ᠳᠡᠭᠡᠭᠰᠢᠯᠡᠭᠦᠯᠦᠨ᠎ᠡ᠃ ᠪᠣᠳᠠᠲᠤ ᠠᠮᠵᠢᠯᠲᠠ ᠠᠵᠢᠯᠯᠠᠭ᠎ᠠ  ᠪᠠᠷ  ᠦᠨᠡᠯᠡᠬᠦ ᠶᠢ ᠪᠠᠷᠢᠮᠲᠠᠯᠠᠵᠤ᠂ ᠰᠡᠳᠬᠢᠯ ᠰᠠᠨᠠᠭ᠎ᠠ ᠪᠠᠨ ︽ᠠᠵᠢᠯ ᠬᠢᠶ᠎ᠡ ᠭᠡᠵᠦ ᠪᠣᠳᠣᠬᠣ︾ ᠳᠡᠭᠡᠷ᠎ᠡ ᠲᠥᠪᠯᠡᠷᠡᠭᠦᠯᠵᠦ᠂ ᠴᠢᠳᠠᠪᠤᠷᠢ ᠪᠠᠨ ︽ᠠᠵᠢᠯ ᠬᠢᠵᠦ ᠴᠢᠳᠠᠬᠤ︾ ᠳᠡᠭᠡᠷ᠎ᠡ ᠢᠯᠡᠷᠡᠭᠦᠯᠵᠦ᠂ ᠬᠠᠷᠠᠯᠲᠠ ᠪᠠᠨ ︽ᠠᠵᠢᠯ ᠪᠦᠲᠦᠭᠡᠬᠦ︾ ᠳᠡᠭᠡᠷ᠎ᠡ ᠨᠠᠶᠢᠳᠠᠪᠤᠷᠢᠵᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠤᠮᠠᠷᠠᠲᠤ  ᠶᠢᠨ ᠭᠤᠷᠪᠠᠨ ᠣᠷᠣᠨ ︾  ᠵᠣᠷᠢᠭ ᠰᠠᠨᠠᠭ᠎ᠠ ᠶᠢ ᠪᠠᠳᠠᠷᠠᠭᠤᠯᠵᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ ᠡᠷᠴᠢ ᠵᠣᠷᠢᠭ ᠢᠶᠠᠷ ᠡᠯ᠎ᠡ ᠵᠦᠢᠯ ᠤᠨ ᠠᠵᠢᠯ ᠤᠨ ᠲᠡᠷᠢᠭᠦᠨ ᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ᠂ ᠣᠷᠣᠨ ᠲᠠᠪᠰᠢᠬᠤ ᠶᠢ  ᠠᠬᠢᠭᠤᠯᠤᠨ᠎ᠠ᠃      ᠠᠷᠢᠭᠤᠨ ᠴᠢᠬᠡᠴᠢ ᠪᠠᠶᠢᠬᠤ ᠶᠣᠰᠣ ᠶᠢ ᠬᠢᠴᠢᠶᠡᠩᠭᠦᠢ ᠪᠡᠷ ᠵᠢᠷᠤᠮᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠲᠥᠪ ᠤᠨ ᠨᠠᠢ᠌ᠮᠠᠨ ᠵᠤᠷᠪᠤᠰ ᠲᠣᠭᠲᠠᠭᠠᠯ  ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠠᠭᠠᠷᠯᠠᠬᠤ ᠨᠥᠬᠦᠴᠡᠯ ᠳᠣᠣᠷ᠎ᠠ ᠠᠵᠢᠯ ᠢᠶᠠᠨ ᠪᠦᠲᠦᠭᠡᠯᠴᠢ ᠴᠢᠨᠠᠷᠲᠠᠢ ᠥᠷᠨᠢᠭᠦᠯᠬᠦ ᠳᠤ ᠴᠢᠳᠠᠮᠠᠭᠠᠢ ᠪᠠᠶᠢᠬᠤ ᠬᠡᠷᠡᠭᠲᠡᠢ᠃      ᠦᠨᠳᠦᠰᠦᠨ ᠱᠠᠲᠤᠨ ᠤ ᠬᠦᠯᠢᠶᠡᠰᠦᠯᠡᠯ  ᠢ ᠦᠨᠡᠨ ᠬᠦ ᠰᠤᠯᠠᠯᠠᠵᠤ ᠳᠠᠷᠤᠭᠠᠰᠤ ᠶᠢ ᠬᠥᠩᠭᠡᠷᠡᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ ᠬᠠᠭᠤᠷᠮᠠᠭ︾ ᠪᠠᠶᠢᠬᠤ ᠠᠰᠠᠭᠤᠳᠠᠯ ᠢ  ᠪᠦᠲᠦᠮᠵᠢᠲᠡᠢ ᠰᠢᠢᠳᠪᠦᠷᠢᠯᠡᠨ᠎ᠡ᠃ ᠲᠥᠷᠥᠯ ᠵᠦᠢᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠡᠯᠡ ᠮᠥᠩᠭᠦ ᠶᠢ ᠪᠠᠭᠤᠯᠭᠠᠬᠤ ᠵᠡᠷᠭᠡ ᠵᠠᠩᠭᠢᠯᠠᠭ᠎ᠠ ᠶᠢᠨ ᠲᠠᠯ᠎ᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠤᠨ᠎ᠠ᠃      ᠲᠥᠯᠥᠭᠡᠯᠡᠭ᠍ᠴᠢᠳ ᠡ︕  ᠬᠦᠰᠡᠯ ᠵᠡᠭᠦᠳᠦ ᠡᠴᠢᠨ᠎ᠡ ᠬᠣᠯᠠ ᠪᠣᠯᠪᠠᠴᠤ ᠬᠦᠭᠡᠭᠡᠴᠡᠯᠳᠦᠪᠡᠯ ᠪᠡᠶᠡᠯᠡᠭᠦᠯᠵᠦ ᠳᠡᠢᠯᠦᠨ᠎ᠡ ᠬᠦ᠋ᠰᠡᠯ ᠵᠡᠭᠦᠳᠦ ᠬᠠᠲᠠᠭᠤ ᠪᠡᠷᠬᠡᠰᠢᠶᠡᠯ ᠲᠠᠢ ᠪᠣᠯᠪᠠᠴᠤ ᠪᠠᠷᠢᠮᠲᠠᠯᠠᠪᠠᠯ ᠲᠡᠷᠭᠡᠯᠰᠢᠭᠦᠯᠵᠦ ᠳᠡᠢᠯᠦᠨ᠎ᠡ ᠃  ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂  ᠰᠢ ᠵᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ  ᠬᠠᠷᠢᠭᠤᠯᠤᠨ ᠡᠷᠡᠯᠬᠡᠭᠯᠡᠨ ᠤᠷᠤᠭᠰᠢᠯᠠᠵᠤ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ 
          