ᠮᠠᠨ ᠤ ᠤᠯᠤᠰ ᠤᠨ ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠪᠣᠯᠤᠭᠰᠠᠨ ᠤ ᠬᠤᠪᠢ ᠳᠤ᠂ ᠤᠯᠠᠭᠠᠨᠰᠤᠬᠠᠢ ᠨᠠᠭᠤᠷ ᠤᠨ ᠨᠤᠭᠤ | ᠭᠠᠵᠠᠷ ᠤᠨ ᠵᠢᠭᠦᠷᠲᠡᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠡᠯᠪᠡᠭ ᠪᠠᠶᠠᠯᠢᠭ ᠤᠰᠤᠨ ᠤ ᠤᠷᠭᠤᠮᠠᠯ ᠤᠨ ᠡᠬᠢ ᠪᠠᠶᠠᠯᠢᠭ᠂ ᠤᠯᠠᠨ ᠶᠠᠩᠵᠤ ᠶᠢᠨ ᠠᠮᠢ | ᠠᠬᠤᠢ ᠶᠢᠨ ᠣᠷᠴᠢᠨ ᠲᠣᠭᠤᠷᠢᠨ᠂ ᠪᠦᠷᠢᠨ ᠲᠡᠭᠦᠯᠳᠡᠷ ᠠᠮᠢ ᠠᠬᠤᠢ ᠶᠢᠨ ᠬᠠᠮᠠᠭᠠᠯᠠᠯᠲᠠ ᠶᠢᠨ ᠰᠢᠰᠲ᠋ᠧᠮ ᠪᠠ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠪᠠᠷ ᠮᠠᠰᠢ ᠤᠯᠠᠨ ᠬᠡᠭᠡᠷ᠎ᠡ ᠶᠢᠨ ᠠᠮᠢᠲᠠᠨ ᠳᠤ ᠬᠦᠰᠡᠯᠡᠩᠲᠦ ᠣᠷᠣᠰᠢᠨ ᠠᠮᠢᠳᠤᠷᠠᠬᠤ ᠪᠠ ᠦᠷᠡᠵᠢᠭᠦᠯᠬᠦ ᠲᠠᠯᠠᠪᠠᠢ ᠬᠠᠩᠭᠠᠵᠤ᠂ ᠨᠤᠭᠤ ᠭᠠᠵᠠᠷ ᠤᠨ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠢ ᠪᠤᠢ ᠪᠣᠯᠭᠠᠭᠰᠠᠨ ᠪᠠᠶᠢᠨ᠎ᠠ᠃ ᠡᠯ᠎ᠡ ᠵᠦᠢᠯ ᠤᠨ ᠰᠢᠪᠠᠭᠤᠨ ᠤ ᠲᠥᠷᠥᠯ ᠵᠦᠢᠯ ᠨᠢ ᠨᠠᠭᠤᠷ ᠤᠨ ᠳᠡᠭᠡᠭᠦᠷ ᠨᠡᠭᠦᠳᠡᠯᠯᠡᠭᠰᠡᠨ | ᠦᠵᠡᠮᠵᠢ ᠶᠢᠨ ᠣᠷᠣᠨ ᠪᠣᠯᠵᠤ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠳᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠢᠨ᠎ᠠ᠃ | 5 ᠰᠠᠷ᠎ᠠ ᠶᠢᠨ 22 ᠤᠨ ᠡᠳᠦᠷ ᠪᠣᠯ ᠤᠯᠠᠨ ᠤᠯᠤᠰ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷᠲᠠᠢ ᠡᠳᠦᠷ ᠪᠣᠯᠤᠨ᠎ᠠ᠂ ᠡᠨᠡ ᠵᠢᠯ ᠤᠨ ᠭᠤᠣᠯ | ᠰᠡᠳᠦᠪ ᠪᠣᠯ ︽ᠲᠦᠮᠡᠨ ᠪᠣᠳᠠᠰ ᠬᠠᠮᠲᠤ ᠣᠷᠣᠰᠢᠬᠤ ᠪᠠ ᠥᠨᠢᠳᠡ ᠶᠢᠨ ᠦᠷᠭᠦᠯᠵᠢᠯᠡᠯ︾ ᠪᠣᠯᠤᠨ᠎ᠠ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠠᠷᠭ᠎ᠠ ᠵᠠᠮ ᠢᠶᠠᠷ ᠥᠨᠢ ᠮᠥᠩᠬᠡ ᠶᠢᠨ ᠵᠠᠮ ᠢ ᠡᠭᠦᠳᠬᠦ ᠶᠢ ᠤᠷᠢᠶᠠᠯᠠᠵᠤ ᠪᠠᠶᠢᠨ᠎ᠠ᠃ ᠬᠤᠶᠢᠰᠢᠳᠠ ᠤᠯᠠᠭᠠᠨᠰᠤᠬᠠᠢ ᠨᠤᠭᠤ ᠭᠠᠵᠠᠷ ᠤᠨ ᠤᠰᠤᠨ ᠤ | ᠵᠢᠭᠦᠷᠲᠡᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠠᠮᠢ ᠠᠬᠤᠶ ᠶᠢ ᠰᠡᠷᠭᠦᠭᠡᠬᠦ ᠠᠵᠢᠯ ᠢ | ᠦᠷᠭᠦᠯᠵᠢᠯᠡᠨ ᠴᠢᠩᠭᠠᠳᠬᠠᠵᠤ᠂ ᠨᠠᠩ ᠣᠯᠠᠨ ᠬᠡᠭᠡᠷ᠎ᠡ ᠶᠢᠨ ᠠᠮᠢᠲᠠᠨ ᠳᠤ ᠠᠮᠤᠷ ᠲᠦᠪᠰᠢᠨ ᠲᠣᠭᠲᠠᠭᠤᠨ ᠬᠡᠷ ᠣᠷᠣᠨ ᠢ ᠪᠣᠶ ᠪᠣᠯᠭᠠᠵᠤ᠂ ᠤᠯᠠᠭᠠᠨᠰᠤᠬᠠᠢ ᠶᠢᠨ ᠠᠮᠢ | ᠠᠬᠤᠶ ᠶᠢᠨ ᠨᠡᠷ᠎ᠡ ᠶᠢᠨ ᠬᠠᠭᠤᠳᠠᠰᠤ ᠶᠢ ᠦᠷᠭᠦᠯᠵᠢᠯᠡᠨ ᠬᠡᠷᠡᠯᠳᠦᠬᠦᠯᠬᠦ ᠪᠤᠯᠤᠨ᠎ᠠ᠃ | | |