ᠸᠠᠩ ᠶᠢᠨ ᠪᠦᠦ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 20 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃      ᠸᠠᠩ ᠶᠢᠨ ᠪᠦᠦ ᠤᠷᠢᠳ ᠬᠤᠵᠢᠳ ᠮᠢᠩ ᠲᠠᠢ ᠪᠣᠯᠤᠨ ᠬᠠᠶᠢᠷ ᠴᠢᠯᠠᠭᠤᠨ ᠤ ᠦᠢᠯᠡᠳᠪᠦᠷᠢ᠂ ᠰᠢᠯ ᠰᠦᠮ᠎ᠡ ᠶᠢᠨ ᠭᠤᠤ ᠶᠢᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ᠂ ᠵᠢᠤᠢ ᠯᠦᠩ ᠪᠢᠯᠢᠭ ᠤᠨ ᠭᠤᠤ ᠶᠢᠨ ᠬᠠᠶᠢᠷ ᠴᠢᠯᠠᠭᠤᠨ ᠤ ᠦᠢᠯᠡᠳᠪᠦᠷᠢ ᠳᠤ ᠬᠦᠷᠴᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠤᠨ ᠵᠢᠯᠣᠭᠤᠳᠪᠠ᠃      ᠸᠠᠩ ᠶᠢᠨ ᠪᠦᠦ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭ᠎ᠠ ᠡᠭᠦᠷᠭᠡᠯᠡᠬᠦ ᠪᠠᠨ ᠦᠨᠡᠨᠬᠦ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠥᠬᠡᠶ ᠪᠠᠶᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠪᠦᠬᠦ ᠶᠠᠪᠤᠴᠠ ᠪᠠᠷ᠂ ᠪᠦᠬᠦ ᠲᠠᠯ᠎ᠠ ᠪᠠᠷ ᠵᠢᠯᠣᠭᠤᠳᠴᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠯᠢ ᠴᠢᠩ ᠯᠠᠶ᠂ ᠹᠦ᠋ ᠯᠸᠢ ᠣᠷᠣᠯᠴᠠᠵᠠᠶ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ