ᠡᠷᠬᠢᠨ ᠪᠦᠯᠬᠦᠮ ᠳᠠᠭᠠᠭᠤᠯᠤᠨ ᠪᠡᠭᠡᠵᠢᠩ᠂ ᠵᠢᠶᠠᠩᠰᠢ ᠵᠡᠷᠭᠡ ᠭᠠᠵᠠᠷ ᠲᠤ ᠲᠦᠷᠦᠯ ᠵᠦᠢᠯ ᠤᠨ ᠵᠥᠪᠳᠡᠯᠴᠡᠭᠡ ᠬᠢᠪᠡ
ᠨᠡᠶᠢᠲᠡᠯᠡᠭᠰᠡᠨ ᠴᠠᠭ᠄
2025/5/23
5 ᠰᠠᠷ᠎ᠠ ᠶᠢᠨ 16 ᠤ ᠡᠳᠦᠷ ᠠᠴᠠ 19 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ ᠪᠦᠯᠬᠦᠮ ᠳᠠᠭᠠᠭᠤᠯᠤᠨ ᠪᠡᠭᠡᠵᠢᠩ᠂ ᠵᠢᠶᠠᠩᠰᠢ ᠶᠢᠨ ᠵᠢᠶ ᠠᠨ ᠬᠤᠲᠠ ᠵᠡᠷᠭᠡ ᠭᠠᠵᠠᠷ ᠲᠤ ᠬᠦᠷᠴᠦ ᠭᠤᠤᠯᠳᠠᠯᠭ᠎ᠠ ᠲᠠᠢ ᠠᠵᠤ ᠠᠬᠤᠶᠢᠯᠠᠯ ᠢ ᠰᠤᠷᠪᠤᠯᠵᠢᠯᠠᠨ ᠵᠣᠯᠭᠠᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠤᠨ ᠬᠡᠷᠡᠭᠯᠡᠯᠲᠡ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠪᠡ᠃5 ᠰᠠᠷ᠎ᠠ ᠶᠢᠨ 16 ᠤ ᠡᠳᠦᠷ᠂ ᠰᠢᠨᠵᠢᠯᠡᠨ ᠪᠠᠶᠢᠴᠠᠭᠠᠬᠤ ᠪᠦᠯᠬᠦᠮ ᠪᠡᠭᠡᠵᠢᠩ ᠬᠤᠳᠠ ᠪᠣᠯᠤᠨ ᠵᠦᠩ ᠺᠧ ᠨᠡᠶᠢᠯᠡᠮᠡᠯ ᠮᠠᠲ᠋ᠧᠷᠢᠶᠠᠯ ᠤᠨ ︵ᠬᠢᠷᠢᠨ︶ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠳᠤ ᠭᠠᠵᠠᠷ ᠬᠡᠷᠡᠭᠯᠡᠬᠦ ᠲᠥᠯᠥᠪᠵᠢᠭᠦᠯᠭᠡ ᠪᠤᠯᠤᠨ ᠠᠵᠤ ᠦᠢᠯᠡᠰ ᠤᠨ ᠲᠦᠬᠦᠷ ᠲᠦᠬᠦᠬᠡᠷᠤᠮᠵᠢ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠤᠬᠠᠢ ᠨᠠᠷᠢᠨ ᠦᠢᠯᠠᠭᠠᠪᠠ᠃ ᠡᠷᠬᠢᠨ ᠠᠴᠠ᠂ ᠨᠡᠭᠦᠷᠡᠰᠦᠲᠥ᠋ᠷᠥᠭᠴᠢᠳᠤ ᠴᠠᠬᠢᠭᠤᠷ ᠤᠨ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠬᠦ ᠪᠣᠯ ᠮᠠᠨ ᠤ ᠬᠤᠰᠢᠭᠤᠨ ᠤ ᠪᠣᠬᠢᠷᠲᠤᠯ ᠥᠬᠡᠶ ᠴᠠᠬᠢᠯᠭᠠᠨ ᠤ ᠬᠡᠷᠡᠭᠯᠡᠯᠲᠡ ᠶᠢ ᠤᠯᠠᠮ ᠴᠢᠨᠠᠭᠰᠢᠳᠠ ᠪᠠᠶᠠᠯᠢᠭᠵᠢᠭᠤᠯᠬᠤ ᠪᠣᠳᠠᠲᠠᠶ ᠦᠢᠯᠡᠳᠤᠯᠬᠡ ᠮᠥᠨ᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠵᠤ᠂ ᠡᠷᠲᠡ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ ᠭᠡᠵᠦ ᠢᠯᠡᠳᠬᠡᠪᠡ᠃ ᠡᠨᠡ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠪᠠᠰᠠ ᠪᠡᠭᠡᠵᠢᠩ ᠤᠨ ᠪᠦᠦ ᠯᠦᠩ ᠳ᠋ᠧ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠶᠤᠨᠲᠤ ᠰᠢᠰᠲ᠋ᠧᠮ ᠤᠨ ᠳ᠋ᠢᠶᠠᠨ ᡂᠢ ᠶᠢᠨ ᠦᠢᠯᠡᠳᠬᠦᠨ ᠪᠣᠯᠤᠨ ᠰᠢᠰᠲ᠋ᠧᠮ ᠤᠨ ᠰᠤᠳᠤᠯᠭᠠᠨ ᠤ ᠲᠤᠷᠰᠢᠯᠲᠠ ᠶᠢᠨ ᠲᠠᠰᠤᠭ ᠲᠤ ᠬᠦᠷᠴᠦ᠂ ᠬᠠᠶᠠᠭᠳᠠᠮᠠᠯ ᠬᠠᠭᠤᠴᠢᠨ ᠳ᠋ᠢᠶᠠᠨ ᡂᠢ ᠶᠢ ᠡᠭᠡᠭᠦᠯᠦᠨ ᠬᠤᠷᠢᠶᠠᠵᠤ ᠲᠠᠬᠢᠨ ᠠᠰᠢᠭᠯᠠᠵᠤ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠤᠨ ᠬᠡᠷᠡᠭᠯᠡᠯᠲᠡ ᠶᠢ ᠣᠶᠢᠯᠠᠭᠠᠪᠠ᠃      5 ᠰᠠᠷ᠎ᠠ ᠶᠢᠨ 17 ᠤ ᠡᠳᠦᠷ᠂ ᠵᠢᠶᠠᠩᠰᠢ ᠶᠢᠨ ᠪᠠ ᠰᠢ ᠪᠠ ᠰᠢᠨ᠎ᠡ ᠡᠨᠧᠷᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠰᠡᠯᠪᠢᠭ ᠲᠣᠨᠤᠭ ᠤᠨ ᠦᠢᠯᠡᠳᠪᠦᠷᠢᠯᠡᠯ ᠤᠨ ᠲᠥᠷᠥᠯ ᠵᠦᠢᠯ ᠤᠨ ᠲᠤᠬᠠᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠶ ᠵᠥᠪᠳᠡᠯᠴᠡᠪᠡ᠃ ᠡᠷᠬᠢᠨ ᠠᠴᠠ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠲᠥᠯᠥᠪᠵᠢᠭᠦᠯᠭᠡ ᠪᠣᠯᠤᠨ ᠬᠡᠷᠡᠭᠴᠡᠭᠡ ᠶᠢ ᠨᠠᠷᠢᠨ ᠲᠠᠨᠢᠯᠴᠠᠭᠤᠯᠵᠤ᠂ ᠠᠵᠤ ᠠᠬᠤᠶᠢᠯᠠᠯ ᠲᠠᠢ ᠭᠠᠷ ᠬᠤᠯᠪᠣᠯᠴᠠᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠳᠤᠤᠷᠠᠳᠤ ᠤᠷᠤᠰᠬᠠᠯ ᠳᠠᠰᠢ ᠤᠷᠲᠤᠳᠬᠠᠬᠤ ᠶᠢ ᠬᠦᠰᠡᠵᠦ ᠪᠠᠶᠢᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠳᠣᠬᠠᠨ ᠳᠤ ᠨᠢᠭᠡᠨᠲᠡ ᠪᠢ ᠶᠠ ᠳ᠋ᠢ᠂ ᠸᠧᠢ ᠯᠠᠢ ᠵᠡᠷᠭᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠲᠠᠢ ᠣᠷᠳᠣ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠤᠷᠠᠳ ᠤᠨ ᠬᠤᠶᠢᠲᠤ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠪᠴᠢᠶᠡᠵᠢᠭᠰᠡᠨ ᠨᠡᠭᠡᠭᠡᠨ ᠬᠥᠭᠵᠢᠭᠦᠯᠦᠯᠲᠡ ᠶᠢᠨ ᠳᠠᠪᠠᠭᠤᠯᠢᠭ ᠨᠥᠬᠦᠴᠡᠯ ᠪᠠ ᠪᠣᠳᠠᠲᠤ ᠰᠠᠭᠤᠷᠢ ᠶᠢ ᠪᠦᠷᠢᠯᠳᠦᠭᠦᠯᠵᠦ᠂ ᠡᠬᠢ ᠪᠠᠶᠠᠯᠢᠭ ᠤᠨ ᠳᠠᠯᠳᠠ ᠬᠦᠴᠦᠨ ᠢ ᠠᠭᠤᠳᠠᠯᠤᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃      5 ᠰᠠᠷ᠎ᠠ ᠶᠢᠨ 18 ᠤ ᠡᠳᠦᠷ᠂ ᠭᠤᠸᠠᠩᠰᠢ ᠶᠢᠨ ᠶᠢᠨ ᠬᠠᠢ ᠵᠢᠪᠡᠷᠡᠬᠦ ᠦᠭᠡᠢ ᠪᠤᠯᠤᠳ ᠤᠨ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠵᠢᠪᠡᠷᠡᠬᠦ ᠦᠭᠡᠢ ᠪᠤᠯᠤᠳ ᠤᠨ ᠬᠠᠶᠠᠭᠳᠠᠮᠠᠯ ᠮᠠᠲ᠋ᠧᠷᠢᠶᠠᠯ ᠢ ᠲᠠᠬᠢᠨ ᠪᠣᠯᠪᠠᠰᠤᠷᠠᠭᠤᠯᠬᠤ ᠲᠦᠷᠦᠯ ᠵᠦᠢᠯ ᠤᠨ ᠲᠣᠭᠤᠷᠢᠨ ᠳᠤ ᠵᠣᠯᠭᠠᠭᠤᠯᠤᠨ ᠰᠣᠯᠢᠯᠴᠠᠵᠠᠢ᠃ ᠡᠷᠬᠢᠨ ᠢᠯᠡᠷᠬᠡᠶᠢᠯᠡᠬᠦ ᠳᠡᠭᠡᠨ᠂ ᠤᠷᠠᠳ ᠤᠨ ᠬᠤᠶᠢᠲᠤ ᠬᠤᠰᠢᠭᠤ ᠴᠠᠬᠢᠯᠭᠠᠨ ᠤ ᠦᠨ᠎ᠡ ᠶᠢᠨ ᠥᠪᠡᠷ ᠤᠨ ᠥᠷᠲᠡᠭ᠂ ᠠᠵᠤ ᠦᠢᠯᠡᠰ ᠤᠨ ᠢᠵᠢ ᠪᠥᠷᠢᠳᠦᠭᠦᠯᠬᠦ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠪᠠᠶᠢᠵᠤ᠂ ᠠᠵᠤ ᠠᠬᠤᠶᠢᠯᠠᠯ ᠢ ᠤᠷᠢᠵᠤ ᠮᠠᠨ ᠤ ᠬᠤᠰᠢᠭᠤᠨ ᠳᠤ ᠰᠤᠳᠤᠯᠤᠨ ᠪᠠᠶᠢᠴᠠᠭᠠᠯᠭᠠᠵᠤ᠂ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠤᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠭᠪᠤᠷ ᠢ ᠬᠠᠮᠲᠤᠪᠠᠷ ᠬᠠᠶᠢᠨ ᠰᠦᠪᠡᠭᠴᠢᠯᠡᠨ᠎ᠡ ᠭᠡᠵᠡᠶ᠃      5 ᠰᠠᠷ᠎ᠠ ᠶᠢᠨ 19 ᠤ ᠡᠳᠦᠷ᠂ ᠰᠧᠴᠤᠸᠠᠨ ᠤ ᠷᠦᠩ ᠴᠤᠧᠠᠩ ᠰᠢᠨ᠎ᠠ ᠡᠨᠧᠷᠭᠢ ᠶᠢᠨ ᠬᠥᠳᠡᠯᠭᠡᠬᠦ ᠬᠦᠴᠦᠨ ᠤ ᠰᠢᠰᠲ᠋ᠧᠮ ᠤᠨ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠵᠣᠯᠭᠠᠭᠤᠯᠤᠨ ᠰᠣᠯᠢᠯᠴᠠᠪᠠ᠃ ᠡᠷᠬᠢᠨ ᠵᠢᠭᠠᠵᠤ ᠭᠠᠷᠭᠠᠭᠰᠠᠨ ᠨᠢ᠂ ᠤᠷᠠᠳ ᠤᠨ ᠬᠤᠶᠢᠲᠤ ᠬᠤᠰᠢᠭᠤ ᠨᠢ ᠤᠯᠤᠰ ᠤᠨ ᠳᠣᠲᠣᠭᠠᠳᠤ ᠶᠢᠨ ᠨᠢᠭᠡᠳᠦᠭᠡᠷ ᠲᠥᠷᠥᠯ ᠤᠨ ᠴᠡᠪᠡᠷ ᠡᠨᠧᠷᠭᠢ ᠶᠢᠨ ᠬᠥᠭᠵᠢᠯᠲᠡ ᠶᠢᠨ ᠣᠷᠣᠨ ᠪᠦᠰᠡ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠳᠪᠦᠷᠢ ᠶᠢᠨ 17 ᠴᠢᠬᠤᠯᠠ ᠪᠠᠯᠭᠠᠰᠤᠨ ᠤ ᠨᠢᠭᠡ ᠪᠣᠯᠤᠭᠰᠠᠨ ᠤ ᠬᠤᠪᠢ ᠳᠤ᠂ ᠡᠯᠪᠡᠭ ᠪᠠᠶᠠᠯᠢᠭ ᠤᠰᠤᠲᠥ᠋ᠷᠥᠭᠴᠢ ᠡᠨᠧᠷᠭᠢ ᠶᠢ ᠰᠢᠩᠭᠡᠭᠡᠬᠦ ᠪᠠ ᠬᠡᠷᠡᠭᠯᠡᠭᠡᠨ ᠤ ᠪᠠᠶᠢᠳᠠᠯ ᠢ ᠪᠦᠷᠢᠯᠳᠦᠭᠦᠯᠦᠭᠰᠡᠨ ᠪᠠᠶᠢᠨ᠎ᠠ᠃ ᠠᠵᠤ ᠠᠬᠤᠶᠢᠯᠠᠯ ᠯᠤᠭ᠎ᠠ ᠲᠡᠮᠦᠷ ᠵᠠᠮ ᠤᠨ ᠵᠠᠮ ᠬᠠᠷᠢᠯᠴᠠᠭ᠎ᠠ᠂ ᠵᠠᠰᠠᠮᠠᠯ ᠵᠠᠮ ᠤᠨ ᠵᠠᠮ ᠬᠠᠷᠢᠯᠴᠠᠭ᠎ᠠ ᠵᠡᠷᠭᠡ ᠬᠦᠷᠢᠶᠡᠨ ᠳᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠤᠰᠤᠲᠥ᠋ᠷᠥᠭᠴᠢ ᠰᠢᠳᠠᠭᠠᠯᠠᠭ᠎ᠠ ᠶᠢᠨ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠰᠢᠰᠲ᠋ᠧᠮ ᠤᠨ ᠵᠢᠱᠢᠶ᠎ᠡ ᠦᠵᠡᠭᠦᠯᠦᠨ ᠬᠡᠷᠡᠭᠯᠡᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠡᠢ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ