ᠰᠣᠶᠣᠯᠲᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠬᠤᠷᠠᠯ ᠢ ᠡᠷᠭᠢᠯᠡᠨ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠬᠤᠰᠢᠭᠤᠨ ᠤ ᠱᠠᠲᠤᠨ ᠤ ᠬᠢᠨᠠᠨ ᠪᠤᠳᠤᠬᠤ ᠠᠵᠢᠯ ᠤᠨ ᠪᠠᠶᠢᠳᠠᠯ ᠪᠠ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠬᠤᠰᠢᠭᠤᠨ ᠤ ᠱᠠᠲᠤᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠰᠤᠳᠤᠯᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠨᠢ ᠰᠢ ᠶᠢᠨ ᠫᠢᠩ ᠶᠡᠷᠦᠩᠬᠡᠶ ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠨ ᠤ ᠬᠢᠨᠠᠨ ᠪᠤᠳᠤᠬᠤ ᠲᠥᠷᠥᠯ ᠵᠦᠢᠯ ᠢ ᠣᠨᠣᠪᠴᠢᠲᠠᠶ ᠪᠥᠭᠡᠳ ᠪᠣᠳᠠᠲᠠᠶ ᠪᠠᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠬᠡᠪᠡ᠃       ᠬᠤᠷᠠᠯ ᠠᠴᠠ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ︽ᠲᠠᠪᠤᠨ ᠦᠨᠳᠦᠷ ᠲᠠᠪᠤᠨ ᠣᠷᠣᠨ︾ ᠢ ᠪᠦᠳᠦᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠭᠲᠠ ᠪᠤᠳᠤᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠬᠠᠮᠢᠶᠠᠷᠤᠯᠲᠠ᠂ ᠡᠳ᠋ ᠤᠨ ᠵᠠᠰᠠᠭ ᠤᠨ ᠲᠥᠰᠦᠪ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠵᠡᠷᠭᠡ ᠲᠠᠯ᠎ᠠ ᠶᠢᠨ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠤᠨ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠬᠤᠪᠢᠶᠠᠷᠢᠯᠠᠨ ᠬᠡᠷᠡᠭᠯᠡᠬᠦ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠢᠨᠠᠨ ᠪᠤᠳᠤᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠶᠠᠭ ᠠᠬᠢᠭᠤᠯᠵᠤ ᠪᠠᠶᠢᠭ᠎ᠠ ᠶᠢ ᠴᠢᠩᠭ᠎ᠠ ᠪᠣᠳᠠᠲᠠᠢ ᠠᠳᠬᠤᠵᠤ᠂ ᠭᠦᠨᠵᠡᠭᠡᠢ ᠪᠠᠶᠢᠴᠠᠭᠠᠵᠤ ᠲᠦᠢᠯᠪᠤᠷᠢᠲᠠᠢ ᠥᠭᠡᠷᠡᠴᠢᠯᠡᠵᠦ᠂ ᠴᠠᠭ ᠲᠤᠬᠠᠢ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠨᠢᠭᠡᠨᠲᠡ ᠪᠡᠶᠡᠯᠡᠭᠦᠯᠦᠭᠰᠡᠨ ᠪᠠᠶᠢᠪᠠᠯ ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠬᠡᠪᠡ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ