ᠤᠷᠠᠳ ᠤᠨ ᠡᠮᠦᠨᠡᠲᠦ ᠬᠤᠰᠢᠭᠤ 17 ᠳ᠋ᠤᠭᠠᠷ ︽ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 12 ᠤᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠥᠷᠨᠢᠭᠦᠯᠦᠭᠰᠡᠨ 17 ᠳ᠋ᠤᠭᠠᠷ ︽ᠪᠦᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠤᠨ ᠭᠤᠣᠯ ᠰᠡᠳᠦᠪᠲᠦ ᠲᠤᠬᠠᠢ ᠶᠢᠨ ᠲᠠᠯᠠᠪᠠᠢ ᠶᠢᠨ ᠤᠬᠠᠭᠤᠯᠭ᠎ᠠ ᠶᠢᠨ ᠠᠵᠢᠯᠯᠠᠭ᠎ᠠ ᠯᠢᠨ ᠬᠠᠢ ᠴᠡᠴᠡᠷᠯᠢᠭ ᠲᠤ ᠶᠠᠪᠤᠭᠳᠠᠪᠠ᠃       ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯ᠎ᠡ ᠣᠷᠣᠯᠴᠠᠭᠰᠠᠨ ᠨᠢᠭᠡᠴᠡ ᠶᠢᠨ ᠠᠵᠢᠯᠲᠠᠳ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ᠂ ᠱᠠᠩᠨᠠᠯ ᠲᠠᠢ ᠰᠡᠳᠦᠪ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠵᠦ᠂ ᠬᠤᠲᠠ ᠶᠢᠨ ᠠᠷᠠᠳ ᠲᠤ ᠭᠠᠵᠠᠷ ᠬᠥᠳᠡᠯᠦᠯᠲᠡ᠂ ᠭᠠᠯ ᠤᠨ ᠠᠶᠤᠯ᠂ ᠤᠰᠤᠨ ᠤ ᠭᠠᠮᠰᠢᠭ ᠵᠡᠷᠭᠡ ᠡᠯ᠎ᠡ ᠲᠥᠷᠥᠯ ᠤᠨ ᠭᠠᠶ ᠭᠠᠮᠰᠢᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠶᠡᠷᠦ ᠶᠢᠨ ᠮᠡᠳᠡᠯᠭᠡ ᠪᠠ ᠠᠷᠭᠠᠴᠠᠬᠤ ᠦᠨᠳᠦᠰᠦᠨ ᠤᠷ᠎ᠠ ᠴᠢᠳᠠᠪᠤᠷᠢ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠢᠶᠠᠷ ᠶᠠᠪᠣᠭᠳᠠᠨ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠬᠥᠷ ᠬᠥᠭᠵᠢᠶᠡᠨ ᠲᠠᠢ ᠪᠤᠯᠭᠠᠪᠠ᠃      ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ ᠳᠡᠷᠭᠡᠳᠡᠬᠢ ᠡᠯ᠎ᠡ ᠲᠥᠷᠥᠯ ᠤᠨ ᠭᠠᠮᠰᠢᠭ ᠤᠨ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠮᠡᠳᠡᠯᠭᠡ ᠶᠢ ᠢᠳᠡᠪᠬᠢᠲᠡᠶ ᠠᠩᠬᠠᠷᠴᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠵᠤ ᠬᠠᠷᠢᠯᠴᠠᠨ ᠬᠠᠪᠰᠤᠷᠤᠯᠴᠠᠬᠤ ᠴᠢᠳᠠᠪᠤᠷᠢ ᠶᠢ ᠡᠵᠡᠮᠰᠢᠬᠦᠯᠪᠡ᠃ ᠥᠷᠭᠡᠨ ᠣᠯᠠᠨ ᠬᠤᠲᠠ ᠶᠢᠨ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠬᠤᠲᠠ ᠶᠢᠨ ᠠᠷᠠᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠳᠡᠯᠭᠡ ᠪᠠ ᠮᠡᠷᠭᠡᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠠᠷᠠᠳ ᠢᠶᠠᠷ ᠢᠶᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠤᠣᠯᠳᠠᠯᠭ᠎ᠠ ᠶᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠬᠤᠳᠠ ᠶᠢᠨ ᠬᠠᠮᠢᠶᠠᠷᠤᠯᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ