ᠬᠠᠩᠭᠢᠨ ᠬᠤᠶᠢᠲᠤ ᠬᠤᠰᠢᠭᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 16 ᠤ ᠡᠳᠦᠷ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠬᠢᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠸᠠᠩ ᠺᠠᠶ ᠵᠢᠶᠦ᠋ᠨ᠂ ᠯᠢ ᠯᠦᠩ ᠣᠷᠣᠯᠴᠠᠵᠠᠶ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠳᠧᠦ ᠳ᠋ᠤᠤ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ ᠤ ᠶᠡᠷᠦᠩᠬᠡᠶᠢᠯᠡᠨ ᠵᠠᠰᠠᠬᠤ ᠠᠵᠢᠯ ᠤᠨ ᠥᠷᠲᠡᠭᠡ᠂ ᠲᠸᠦ ᠳ᠋ᠤᠤ ᠴᠢᠶᠤᠤ ᠪᠠᠯᠭᠠᠰᠤᠨ ᠤ ᠶᠡᠷᠤᠩᠬᠡᠶᠢᠯᠡᠨ ᠵᠠᠰᠠᠬᠤ ᠲᠦᠪ᠂ ᠰᠠᠨ ᠳ᠋ᠤᠤ ᠴᠢᠶᠣᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ᠂ ᠮᠧᠩ ᠬᠠᠶ ᠪᠠᠯᠭᠠᠰᠤᠨ ᠤ ᠴᠠᠢ ᠣᠪᠣᠭ᠎ᠠ ᠲᠣᠰᠬᠤᠨ ᠤ ᠶᠡᠷᠦᠩᠬᠡᠶᠢᠯᠡᠨ ᠵᠠᠰᠠᠬᠤ ᠠᠵᠢᠯ ᠤᠨ ᠥᠷᠲᠡᠭᠡ᠂ ᠱᠠᠮᠪᠠ ᠪᠠᠯᠭᠠᠰᠤᠨ ᠤ ᠰᠢ ᠬᠤᠸᠠᠨ ᠨᠡᠶᠢᠭᠡᠮ ᠲᠣᠭᠤᠷᠢᠭ ᠤᠨ ᠶᠡᠷᠦᠩᠬᠡᠶᠢᠯᠡᠨ ᠵᠠᠰᠠᠬᠤ ᠠᠵᠢᠯ ᠤᠨ ᠥᠷᠲᠡᠭᠡ᠂ ᠬᠠᠩᠭᠢᠨ ᠬᠤᠶᠢᠲᠤ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ᠂ ᠱᠠᠮᠪᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠲᠤ ᠬᠦᠷᠴᠦ᠂ ᠡᠯ᠎ᠡ ᠶᠡᠷᠦᠩᠬᠡᠶᠢᠯᠡᠨ ᠵᠠᠰᠠᠬᠤ ᠲᠥᠪ ᠤᠨ ᠠᠵᠢᠯᠯᠠᠭᠠᠨ ᠤ ᠪᠠᠶᠢᠳᠠᠯ ᠵᠢᠴᠢ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠵᠠᠭᠪᠤᠷ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠸᠠᠩ ᠺᠠᠢ ᠵᠢᠶᠦ᠋ᠨ ᠠᠵᠢᠯ ᠤᠨ ᠳ᠋ᠦᠩᠨᠡᠯᠲᠡ ᠬᠢᠬᠦ ᠶᠢᠨ ᠬᠠᠮᠲᠤ ᠳᠠᠷᠠᠭᠠᠴᠢ ᠶᠢᠨ ᠠᠵᠢᠯ ᠤᠨ ᠠᠯᠬᠤᠮ ᠢ ᠲᠤᠬᠢᠷᠠᠭᠤᠯᠤᠨ ᠪᠠᠶᠢᠷᠢᠯᠠᠭᠤᠯᠪᠠ᠃       ᠬᠠᠨ ᡁᠢ ᠶᠧ ᠵᠢᠭᠠᠵᠤ ᠭᠠᠷᠭᠠᠭᠰᠠᠨ ᠨᠢ᠂ ᠶᠡᠷᠦᠩᠬᠡᠶᠢᠯᠡᠨ ᠵᠠᠰᠠᠬᠤ ᠳᠦᠪ ᠪᠤᠯ ᠤᠯᠤᠰ ᠳᠦᠷᠦ ᠬᠠᠤᠯᠢ ᠴᠠᠭᠠᠵᠠ ᠶᠢᠨ ᠳᠤᠰᠢᠶᠠᠯ ᠴᠢᠳᠠᠪᠤᠷᠢ ᠳᠤ ᠰᠠᠭᠤᠷᠢᠯᠠᠨ᠂ ᠡᠯ᠎ᠡ ᠰᠠᠯᠠᠭ᠎ᠠ ᠮᠦᠴᠢᠷ ᠤᠨ ᠬᠠᠤᠯᠢ ᠶᠤᠰᠤᠭᠠᠷ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠳᠦᠯᠬᠢᠨ ᠠᠬᠢᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠪᠠ ᠨᠡᠶᠢᠭᠡᠮ ᠤᠨ ᠠᠮᠤᠷ ᠲᠦᠪᠰᠢᠨ ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠬᠠᠪᠰᠤᠷᠤᠨ ᠠᠬᠢᠭᠤᠯᠬᠤ ᠴᠢᠬᠤᠯᠠ ᠠᠵᠢᠯ ᠤᠨ ᠲᠠᠪᠴᠠᠩ ᠪᠤᠯᠣᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠰᠠᠯᠠᠭ᠎ᠠ ᠮᠥᠴᠢᠷ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ︽ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠬᠠᠮᠲᠤ ᠪᠠᠷ ᠠᠳᠬᠤᠬᠤ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠪᠠᠲᠤᠯᠠᠭ᠎ᠠ ᠶᠢᠨ ᠲᠣᠭᠲᠠᠴᠠ ᠶᠢ ᠴᠢᠩᠭᠠᠳᠬᠠᠵᠤ᠂ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠠᠵᠢᠯᠯᠠᠭᠠᠨ ᠢ ᠦᠡᠨᠡᠬᠦ ᠪᠠᠲᠤᠯᠠᠨ᠎ᠠ᠃ ᠰᠢᠰᠲ᠋ᠧᠮ ᠲᠠᠢ ᠠᠬᠢᠭᠤᠯᠵᠤ᠂ ᠤᠨᠢᠨ ᠳᠡᠭᠡᠷ᠎ᠡ ᠨᠢ ᠬᠦᠴᠦᠯᠡᠵᠦ᠂ ᠲᠦᠷᠢᠮ ᠤᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠵᠢᠷᠤᠮᠵᠢᠭᠤᠯᠵᠤ᠂ ᠬᠠᠤᠯᠢᠵᠢᠯ ᠤᠨ ᠬᠠᠩᠭᠠᠯᠭ᠎ᠠ ᠶᠢ ᠰᠢᠯᠢᠳᠡᠭᠵᠢᠭᠦᠯᠵᠦ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠡᠷᠢᠭᠦᠨ ᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃       ᠬᠠᠨ ᡁᠢ ᠶᠧ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠬᠠᠭᠤᠯᠤᠨ ᠳᠡᠯᠭᠡᠷᠡᠭᠦᠯᠬᠦ ᠶᠢ ᠴᠢᠬᠤᠯᠠᠴᠢᠯᠠᠵᠤ᠂ ᠨᠡᠶᠢᠭᠡᠮ ᠤᠨ ᠣᠶᠢᠯᠠᠭᠠᠬᠤ ᠨᠣᠷᠮ᠎ᠠ ᠪᠠ ᠣᠯᠠᠨ ᠲᠦᠮᠡᠨ ᠤ ᠮᠡᠳᠡᠷᠡᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠵᠥᠷᠢᠴᠡᠯ ᠵᠢᠭᠤᠷᠠᠯᠳᠤᠭᠠᠨ ᠲᠠᠢ ᠪᠣᠯ ᠶᠡᠷᠦᠩᠬᠡᠶᠢᠯᠡᠨ ᠵᠠᠰᠠᠬᠤ ᠲᠥᠪ ᠲᠤ ᠬᠦᠷᠬᠦ︾ ᠶᠢ ᠨᠡᠶᠢᠭᠡᠮ ᠤᠨ ᠬᠠᠮᠲᠤ ᠶᠢᠨ ᠲᠠᠨᠢᠯᠲᠠ ᠪᠣᠯᠭᠠᠬᠤ ᠬᠡᠷᠡᠭᠲᠡᠶ᠃ ᠶᠡᠷᠦᠩᠬᠡᠶᠢᠯᠡᠨ ᠵᠠᠰᠠᠬᠤ ᠲᠥᠪ ᠤᠨ ᠨᠢᠭᠡ ᠯᠡ ᠥᠷᠲᠡᠭᠡᠨ ᠤ ᠮᠠᠶ᠋ᠢᠭ ᠤᠨ ᠰᠢᠢᠳᠪᠦᠷᠢᠯᠡᠬᠦ ᠲᠠᠪᠴᠠᠩ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠲᠡᠰ ᠳᠠᠷᠠᠭᠠᠯᠠᠯ ᠢ ᠦᠷᠭᠦᠯᠵᠢᠯᠡᠨ ᠠᠳᠬᠤᠵᠤ᠂ ᠪᠣᠳᠠᠲᠠᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠤᠯᠢ ᠶᠣᠰᠣᠭᠠᠷ ᠵᠢᠷᠤᠮᠵᠢᠭᠤᠯᠵᠤ᠂ ᠵᠥᠷᠢᠴᠡᠯ ᠵᠠᠭᠤᠷᠠᠯᠳᠤᠭᠠᠨ ᠡᠭᠦᠰᠬᠦ ᠶᠢ ᠡᠬᠢ ᠡᠭᠦᠰᠦᠯ ᠠᠴᠠ ᠨᠢ ᠪᠠᠭᠠᠰᠬᠠᠬᠤ ᠪᠠ ᠤᠷᠢᠳᠴᠢᠯᠠᠨ ᠰᠡᠷᠭᠡᠶᠢᠯᠡᠵᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠮᠵᠢᠶ᠎ᠡ ᠶᠢ ᠪᠠᠭᠠᠰᠬᠠᠬᠤ ᠬᠡᠷᠡᠭᠲᠡᠢ᠃ ᠬᠠᠷᠢᠶ᠎ᠠ ᠣᠷᠣᠨ ᠤ ᠳᠣᠲᠣᠷᠠᠬᠢ ᠵᠥᠷᠢᠴᠡᠯ ᠵᠢᠭᠤᠷᠠᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠡᠮᠬᠢᠯᠡᠵᠦ᠂ ︽ᠭᠤᠷᠪᠠᠨ ᠳᠠᠷᠤᠭ᠎ᠠ ᠲᠠᠪᠤᠨ ᠠᠬᠠᠮᠠᠳ ᠲᠣᠰᠬᠤᠨ ᠤ ᠱᠦᠵᠢ︾ ᠵᠡᠷᠭᠡ ᠵᠥᠷᠢᠴᠡᠯ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠠᠷᠭ᠎ᠠ ᠶᠢ ᠰᠠᠶᠢᠲᠤᠷ ᠠᠰᠢᠭᠯᠠᠵᠤ᠂ ᠡᠷᠦᠭᠡ ᠳᠤ ᠬᠦᠷᠴᠦ ᠰᠤᠷᠪᠤᠯᠵᠢᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠬᠤᠯᠪᠣᠭᠠᠯᠠᠨ ᠲᠤᠬᠢᠷᠠᠭᠤᠯᠬᠤ᠂ ᠨᠡᠶᠢᠭᠡᠮ ᠤᠨ ᠠᠮᠤᠷ ᠲᠦᠪᠰᠢᠨ ᠢ ᠬᠤᠯᠪᠣᠭᠠᠯᠠᠨ ᠰᠡᠷᠭᠡᠶᠢᠯᠡᠬᠦ᠂ ᠭᠤᠣᠯᠳᠠᠯᠭ᠎ᠠ ᠲᠠᠢ ᠠᠵᠢᠯ ᠢ ᠬᠤᠯᠪᠣᠭᠠᠯᠠᠨ ᠬᠥᠳᠡᠯᠦᠯᠴᠡᠬᠦ᠂ ᠲᠤᠪᠤᠶᠢᠮ᠎ᠠ ᠠᠰᠠᠭᠤᠳᠠᠯ ᠢ ᠬᠤᠯᠪᠣᠭᠠᠯᠠᠨ ᠵᠠᠰᠠᠬᠤ᠂ ᠦᠢᠯᠡᠴᠢᠯᠡᠭᠡ ᠬᠠᠮᠢᠶᠠᠷᠤᠯᠲᠠ ᠶᠢ ᠬᠤᠯᠪᠣᠭᠠᠯᠠᠨ ᠠᠳᠬᠤᠬᠤ᠂ ᠦᠨᠳᠦᠰᠦᠨ ᠱᠠᠲᠤᠨ ᠤ ᠠᠮᠤᠷ ᠠᠮᠤᠭᠤᠯᠠᠩ ᠢ ᠬᠤᠯᠪᠣᠭᠠᠯᠠᠨ ᠡᠭᠦᠳᠬᠦ ᠶᠢ ᠪᠡᠶᠡᠯᠡᠭᠦᠯᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ