ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠭᠢᠯᠭᠠᠨ ᠮᠡᠳᠡᠭᠡ 5 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠨᠢᠳᠤᠨᠤᠨ ᠤ 5 ᠰᠠᠷ᠎ᠠ ᠳᠤ ᠪᠢ ᠹᠷᠠᠨᠼᠢ ᠳᠤ ᠠᠶᠢᠯᠴᠢᠯᠠᠵᠤ᠂ ᠬᠤᠶᠠᠷ ᠲᠠᠯ᠎ᠠ ᠪᠠᠷ ᠢᠶᠠᠨ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠠᠷᠢᠯᠴᠠᠨ | ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠᠳᠤ ᠹᠷᠠᠨᠼᠢ ᠶᠢᠨ ᠭᠠᠳᠠᠭᠠᠳᠤ | ᠬᠠᠷᠢᠯᠴᠠᠭ᠎ᠠ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠠᠨᠠᠯ ᠨᠢᠭᠡᠲᠡᠢ ᠵᠥᠪᠰᠢᠶᠡᠷᠡᠭᠰᠡᠨ ᠪᠥᠭᠡᠳ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ | ᠣᠯᠭᠤᠪᠠ᠃ ᠲᠡᠭᠦᠨ ᠠᠴᠠ ᠰᠡᠭᠦᠯᠡᠷ᠂ ᠳᠤᠮᠳᠠᠳᠤ ᠹᠷᠠᠨᠼᠢ ᠶᠢᠨ ᠬᠠᠮᠲᠤᠷᠠᠯᠴᠠᠭ᠎ᠠ ᠪᠠᠰᠠ ᠮᠠᠰᠢ ᠤᠯᠠᠨ ᠰᠢᠨ᠎ᠡ ᠠᠬᠢᠴᠠ ᠲᠠᠢ ᠪᠣᠯᠪᠠ᠃ | ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠶ᠎ᠠ᠃ ᠠᠵᠠ | ᠲᠣᠭᠢᠶᠠᠯ ᠢ ᠠᠮᠵᠢᠵᠤ᠂ ᠪᠡᠯᠡ ᠣᠷᠣᠭᠤᠯᠤᠯᠲᠠ᠂ ᠰᠠᠨᠰᠠᠷ ᠤᠨ ᠠᠶᠠᠯᠠᠯ ᠠᠭᠠᠷ ᠤᠨ ᠠᠶᠠᠯᠠᠯ᠂ ᠴᠥᠮ᠎ᠡ ᠶᠢᠨ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠣᠭᠠᠴᠢᠯᠠᠯᠳᠠ᠂ ᠪᠣᠬᠢᠷᠳᠤᠯ ᠦᠭᠡᠢ᠂ ᠠᠮᠢᠳᠤ ᠪᠣᠳᠠᠰ ᠤᠨ ᠡᠮ ᠡᠮᠨᠡᠯᠭᠡ᠂ ᠪᠤᠭᠤᠷᠤᠯᠴᠤᠳ ᠤᠨ ᠠᠵᠤ ᠠᠬᠤᠢ ᠵᠡᠷᠭᠡ | ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠶ᠎ᠡ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠠᠷᠠᠳ ᠲᠦᠮᠡᠨ ᠤ | ᠨᠥᠬᠦᠷᠯᠡᠯ ᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠳᠤᠮᠳᠠᠳᠤ ᠹᠷᠠᠨᠼᠢ ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ | ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠦ ᠤᠯᠤᠰ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠣᠮᠣ ᠤᠯᠤᠰ ᠮᠥᠨ᠂ ᠳᠠᠶᠢᠨ ᠤ ᠳᠠᠷᠠᠭᠠᠬᠢ ᠤᠯᠠᠨ ᠤᠯᠤᠰ ᠤᠨ | ᠡᠮᠬᠢ ᠳᠢᠭᠯᠢᠮ ᠤᠨ ᠡᠭᠦᠰᠬᠡᠨ ᠪᠠᠶᠢᠭᠤᠯᠤᠭᠴᠢ᠂ ᠪᠦᠲᠦᠭᠡᠨ ᠪᠠᠶᠢᠭᠤᠯᠤᠭᠴᠢ ᠮᠥᠨ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠪᠠ ᠳᠡᠯᠡᠬᠡᠢ ᠶᠢᠨ | ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠬᠡᠷᠡᠭᠲᠡᠢ᠃ ᠳᠡᠯᠡᠬᠡᠢ ᠶᠢᠨ ᠪᠠᠶᠢᠳᠠᠯ ᠬᠡᠳᠦᠢ | ᠪᠤᠳᠤᠯᠢᠶᠠᠨᠲᠠᠢ ᠪᠤᠯᠬᠤ ᠳᠤᠳᠤᠮ᠂ ᠳᠤᠮᠳᠠᠳᠤ ᠹᠷᠠᠨᠼᠢ ᠲᠡᠳᠦᠢ ᠵᠥᠪ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠬᠢᠵᠦ᠂ ᠤᠯᠠᠨ ᠤᠯᠤᠰ ᠤᠨ ᠡᠮᠬᠢ ᠳᠢᠭᠯᠢᠮ ᠢ | ᠬᠠᠮᠠᠭᠠᠯᠠᠬᠤ ᠨᠠᠶᠢᠳᠠᠪᠤᠷᠢᠲᠠᠢ ᠬᠦᠴᠦᠨ᠂ ᠪᠦᠭᠦ ᠪᠥᠮᠪᠥᠷᠴᠡᠭ ᠤᠨ ᠨᠡᠮᠡᠭᠳᠡᠯ ᠢ ᠠᠬᠢᠭᠤᠯᠬᠤ ᠨᠡᠭᠡᠭᠡᠯᠲᠡᠲᠤ ᠬᠦᠴᠦᠨ᠂ ᠤᠯᠠᠨ ᠲᠠᠯᠠᠲᠤ ᠬᠠᠮᠲᠤᠷᠠᠯᠴᠠᠭ᠎ᠠ ᠶᠢ | ᠬᠥᠲᠥᠯᠥᠨ ᠳᠠᠭᠠᠭᠤᠯᠬᠤ ᠳᠠᠪᠰᠢᠩᠭᠤᠢ ᠬᠦᠴᠦᠨ ᠪᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠢ ᠤᠯᠠᠨ ᠲᠦᠢᠯᠲᠤ ᠳᠡᠯᠡᠬᠡᠢ ᠶᠢᠨ ᠲᠤᠰᠠᠭᠠᠷ ᠨᠢᠭᠡ ᠲᠦᠢᠯ ᠢᠶᠠᠷ ᠦᠵᠡᠵᠦ᠂ ᠡᠸᠦ᠋ᠷᠦᠫᠡ | ᠲᠢᠪ ᠤᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠪᠡᠶ᠎ᠡ ᠪᠠᠨ ᠳᠠᠭᠠᠭᠠᠬᠤ ᠪᠠᠨ ᠴᠢᠩᠭᠠᠳᠬᠠᠬᠤ ᠶᠢ ᠲᠡᠮᠵᠢᠵᠦ᠂ ᠤᠯᠠᠠ | ᠤᠯᠤᠰ ᠤᠨ ᠬᠡᠷᠡᠭ ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠵᠦ᠂ ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠭᠠᠷ ᠬᠤᠯᠪᠣᠯᠴᠠᠨ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ᠂ ᠬᠤᠶᠠᠷ ᠲᠠᠯ᠎ᠠ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ ᠳᠤ ᠠᠰᠢᠭᠲᠠᠢ | ᠦᠷ᠎ᠡ ᠪᠦᠲᠦᠭᠡᠯ ᠢ ᠨᠡᠩ ᠤᠯᠠᠠ ᠣᠯᠬᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃ | ᠮᠠᠶᠢᠺᠷᠤᠨ᠂ ᠹᠷᠠᠨᠼᠢ ᠳᠤᠮᠳᠠᠳᠤ᠂ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠲᠦᠢᠯ ᠤᠨ ᠴᠢᠬᠤᠯᠠ ᠪᠠᠶᠢᠵᠤ᠂ ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ | ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠹᠷᠠᠨᠼᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠬᠤ ᠵᠣᠭᠰᠣᠯᠲᠠ ᠳᠤ ᠶᠠᠮᠠᠷ ᠴᠤ ᠬᠤᠪᠢᠷᠠᠯᠲᠠ ᠭᠠᠷᠬᠤ ᠦᠭᠡᠢ ᠶᠤᠮ᠃ | ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠵᠢᠴᠢ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠹᠷᠠᠨᠼᠢ | ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠲᠦᠷᠭᠡᠨ ᠬᠤᠪᠢᠷᠠᠵᠤ ᠪᠠᠶᠢᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ᠂ | ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠶᠢᠨ ᠬᠢᠨ ᠲᠠᠢ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠦ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ᠂ | ᠬᠠᠯᠠᠮᠰᠢᠯ ᠠᠰᠠᠭᠤᠳᠠᠯ ᠤᠨ ᠳᠡᠰ ᠳᠡᠪᠰᠢᠨ ᠥᠷᠭᠡᠵᠢᠬᠦ ᠶᠢ ᠰᠡᠷᠭᠡᠶᠢᠯᠡᠵᠦ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ | ᠬᠠᠮᠠᠭᠠᠯᠠᠨ᠎ᠠ᠃ ᠡᠸᠦ᠋ᠷᠦᠫᠡ ᠳᠤᠮᠳᠠᠳᠤ ᠤᠯᠠᠮ ᠨᠢᠭᠡ ᠠᠯᠬᠤᠮ ᠣᠯᠣᠯᠴᠠᠭ᠎ᠠ ᠶᠠᠷᠢᠯᠴᠠᠭ᠎ᠠ ᠪᠠᠨ ᠨᠢᠭᠲᠠᠷᠠᠭᠤᠯᠵᠤ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠪᠠᠯ | ᠵᠣᠬᠢᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ᠂ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ᠂ ᠢᠷᠠᠨ ᠤ ᠴᠥᠮ᠎ᠡ ᠶᠢᠨ ᠠᠰᠠᠭᠤᠳᠠᠯ ᠵᠡᠷᠭᠡ | ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | | |