5 ᠳ᠋ᠤᠭᠠᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠬᠤ ᠶᠢᠨ | ᠬᠠᠮᠲᠤ ᠴᠢᠬᠤᠯᠠ ᠶᠠᠷᠢᠶ᠎ᠠ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠥᠮᠥᠰ ᠤᠨ ᠰᠡᠳᠬᠢᠯ ᠢ ᠨᠢ ᠵᠣᠷᠢᠭᠵᠢᠭᠤᠯᠤᠨ᠂ | ᠬᠦᠴᠦᠨ ᠢ ᠨᠢ ᠨᠢᠭᠲᠠᠷᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠲᠡᠷᠢᠭᠦᠨ ᠢ ᠡᠷᠡᠯᠬᠡᠭᠯᠡᠨ ᠲᠡᠮᠡᠴᠡᠬᠦ᠂ ᠵᠠᠮ ᠨᠡᠭᠡᠭᠡᠨ ᠤᠷᠤᠭᠰᠢᠯᠠᠬᠤ ᠶᠢ ᠨᠢ | ᠵᠣᠷᠢᠭᠵᠢᠭᠤᠯᠪᠠ᠃ | ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠨ᠎ᠠ | ︽ᠪᠢᠳᠡ ᠣᠳᠣ ᠶᠠᠭ ᠳᠡᠯᠡᠬᠡᠢ ᠶᠢᠨ ᠳᠡᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠰᠢᠮᠳᠠᠭᠤᠯᠤᠨ ᠪᠠᠶᠢᠭᠤᠯᠵᠤ᠂ ᠥᠨᠳᠥᠷ ᠬᠢᠷᠢ ᠲᠦᠪᠰᠢᠨ ᠪᠦᠬᠦᠢ | ᠭᠠᠳᠠᠭᠰᠢ ᠨᠡᠭᠡᠭᠡᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ︾᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠬᠢᠨᠠᠮᠠᠭᠠᠢ ᠰᠣᠷᠣᠯᠴᠠᠭᠠᠳ᠂ | ᠾᠧᠨᠠᠨ ᠤ ᠵᠧᠩᠵᠧᠦ ᠶᠢᠨ ᠠᠭᠠᠷ ᠠᠶᠠᠯᠠᠯ ᠤᠨ ᠭᠠᠷᠠᠮ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠲᠢᠶᠠᠨ ᠬᠠᠢ ᠲᠤᠤ ᠶᠢᠨ ᠢᠲᠡᠭᠡᠯ ᠵᠣᠷᠢᠭ ᠤᠯᠠᠮ ᠨᠡᠮᠡᠭᠳᠡᠵᠦ᠂ ︽ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ | ᠲᠣᠭᠲᠠᠭᠠᠯᠲᠤ ᠪᠤᠰᠤ ᠴᠢᠨᠠᠷ ᠢ ᠠᠷᠭᠠᠴᠠᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃ | ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠪᠠᠷ ᠴᠢᠩᠭᠠᠳᠬᠠᠨ᠎ᠠ | ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ | ᠰᠢᠨ᠎ᠡ ᠶᠢ ᠡᠭᠦᠳᠬᠦ ᠠᠵᠢᠯᠯᠠᠭ᠎ᠠ᠂ ᠦᠢᠯᠡᠴᠢᠯᠡᠭᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠬᠠᠨᠳᠤᠭᠤᠯᠤᠨ ᠬᠦᠴᠦᠯᠡᠵᠦ᠂ ᠰᠢᠨ᠎ᠡ ᠪᠠᠷ ᠬᠥᠭᠵᠢᠵᠦ ᠪᠠᠶᠢᠭ᠎ᠠ | ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︾᠃ ᠰᠧᠴᠤᠸᠠᠨ ᠤ ᠮᠸᠢᠢᠱᠠᠨ ᠬᠤᠳᠠ ᠶᠢᠨ ᠨᠠᠮ ᠤᠨ | ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠴᠢᠦᠢ ᠪᠥᠸᠧ ᠬᠡᠯᠡᠬᠦ ᠳᠤ ᠪᠠᠨ᠂ ᠳᠠᠷᠠᠭᠠᠴᠢ ᠶᠢᠨ ᠠᠯᠬᠤᠮ ᠳᠤ᠂ ᠴᠢᠨᠠᠷ ᠰᠠᠶᠢᠲᠠᠢ ᠨᠠᠮ ᠤᠨ | ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ ᠬᠥᠭᠵᠢᠵᠦ ᠪᠠᠶᠢᠭ᠎ᠠ | ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠤ ᠨᠢ ᠠᠷᠭ᠎ᠠ ᠵᠠᠮ ᠢ ᠨᠢ ᠥᠷᠭᠡᠳᠬᠡᠵᠦ᠂ ᠬᠠᠮᠲᠤ ᠪᠠᠷ ᠪᠠᠶᠢᠭᠤᠯᠬᠤ | ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠣᠨᠣᠯᠵᠢᠬᠤᠨ ᠢ ᠦᠢᠯᠡᠳᠦᠯᠭᠡᠵᠢᠭᠦᠯᠵᠦ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ | ᠵᠠᠰᠠᠯᠲᠠ ᠳᠤ ᠢᠳᠡᠪᠬᠢᠲᠡᠢ ᠣᠷᠣᠯᠴᠠᠭᠤᠯᠤᠨ᠎ᠠ ᠭᠡᠪᠡ᠃ | ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ | ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠠᠨ ᠪᠣᠯᠭᠠᠵᠤ᠂ ᠪᠢᠳᠡ ᠡᠭᠦᠷᠭᠡ | ᠬᠠᠷᠢᠭᠤᠴᠠᠯᠭ᠎ᠠ ᠪᠠᠨ ᠨᠡᠩ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠰᠢᠢᠳᠪᠦᠷᠢᠯᠡᠬᠦ ᠶᠢ ᠠᠬᠢᠭᠤᠯᠬᠤ ᠳᠤ ᠲᠠᠯᠪᠢᠵᠤ᠂ | ᠰᠤᠷᠤᠯᠴᠠᠬᠤ ᠳᠤ ᠪᠠᠨ ᠤᠬᠠᠮᠵᠢ ᠰᠠᠶᠢᠲᠠᠢ᠂ ᠪᠠᠶᠢᠴᠠᠭᠠᠬᠤ ᠳᠤ ᠪᠠᠨ ᠬᠦᠴᠦᠯᠡᠴᠡ ᠲᠠᠢ᠂ ᠥᠭᠡᠷᠡᠴᠢᠯᠡᠬᠦ ᠳᠤ ᠪᠠᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠨ᠎ᠠ︾ | ᠃ ᠴᠧᠩᠳᠦ᠋ ᠬᠤᠲᠠ ᠶᠢᠨ ᠨᠠᠮ ᠤᠨ ᠬᠤᠷᠢᠶᠠᠨ ᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠳᠠᠷᠤᠭ᠎ᠠ ᠭᠠᠨ ᠯᠢ ᠵᠢᠶᠦ᠋ᠨ ᠢᠩᠭᠢᠵᠦ ᠢᠯᠡᠷᠬᠡᠶᠢᠯᠡᠪᠡ᠃ | | | |