ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠭᠢᠯᠭᠠᠨ ᠮᠡᠳᠡᠭᠡ 5 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ 2025 ᠣᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ | ᠦᠷᠭᠦᠯᠵᠢᠯᠡᠬᠦ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠶᠠᠳᠠᠭᠤ ᠬᠦᠴᠢᠷᠳᠡᠯ ᠢ ᠠᠷᠢᠯᠭᠠᠬᠤ ᠪᠣᠯ ᠪᠦᠭᠦ ᠪᠥᠮᠪᠥᠷᠴᠡᠭ ᠤᠨ ᠴᠢᠨᠠᠷᠲᠠᠢ ᠬᠦᠴᠢᠷ ᠠᠰᠠᠭᠤᠳᠠᠯ ᠪᠤᠯᠬᠤ ᠪᠥᠭᠡᠳ ᠳᠡᠯᠡᠬᠡᠢ ᠶᠢᠨ ᠡᠯ᠎ᠡ | ᠤᠯᠤᠰ ᠤᠨ ᠬᠠᠮᠲᠤ ᠶᠢᠨ ᠬᠠᠷᠠᠯᠲᠠ ᠪᠣᠯᠣᠨ᠎ᠠ᠃ ᠳᠤᠮᠳᠠᠳᠤ ᠤᠯᠤᠰ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠵᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠠᠮ ᠢᠶᠠᠷ ᠵᠠᠮᠨᠠᠵᠤ᠂ ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯ ᠢ | ᠡᠰᠡᠷᠭᠦᠴᠡᠬᠦ ᠲᠡᠦᠬᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠠᠰᠠᠭᠤᠳᠠᠯ ᠪᠣᠯ ᠡᠴᠦᠰ ᠤᠨ ᠡᠴᠦᠰ ᠲᠡᠭᠡᠨ ᠬᠥᠭᠵᠢᠯᠲᠡ ᠶᠢᠨ ᠠᠰᠠᠭᠤᠳᠠᠯ | ᠪᠣᠯᠣᠨ᠎ᠠ᠃ ᠣᠶᠢᠷ᠎ᠠ ᠶᠢᠨ ᠵᠢᠯ ᠠᠴᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ | ᠦᠷᠭᠦᠯᠵᠢᠯᠡᠬᠦ ᠬᠥᠭᠵᠢᠯᠲᠡ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ ᠳᠤᠮᠳᠠᠳᠤ ᠤᠯᠤᠰ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ | ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠤᠷᠰᠢᠯᠭ᠎ᠠ ᠪᠠᠨ | ᠬᠤᠪᠢᠶᠠᠯᠴᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠤᠯᠤᠰ ᠢ ᠬᠠᠪᠰᠤᠷᠤᠨ ᠲᠤᠰ ᠤᠯᠤᠰ ᠤᠨ ᠢᠶᠠᠨ | ᠪᠠᠶᠢᠳᠠᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠵᠠᠮ ᠢ ᠰᠦᠪᠡᠭᠴᠢᠯᠡᠵᠦ᠂ ᠶᠠᠳᠠᠭᠤ | ᠬᠦᠴᠢᠷᠳᠡᠯ ᠠᠴᠠ ᠵᠠᠶᠢᠳᠠᠭᠰᠠᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠭᠠᠷ ᠬᠤᠯᠪᠣᠯᠴᠠᠨ ᠪᠦᠲᠦᠭᠡᠨ ᠪᠠᠶᠢᠭᠤᠯᠤᠨ᠎ᠠ | ᠭᠡᠵᠦ ᠴᠢᠬᠤᠯᠠᠴᠢᠯᠠᠪᠠ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠲᠤᠬᠠᠢ ᠶᠢᠨ ᠡᠳᠦᠷ ᠱᠠᠨᠰᠢ ᠶᠢᠨ ᠰᠢ ᠠᠨ ᠳᠤ ᠡᠬᠢᠯᠡᠪᠡ᠂ ︽ᠦᠷᠭᠦᠯᠵᠢᠯᠡᠨ ᠶᠠᠳᠠᠭᠤ ᠬᠦᠴᠢᠷᠳᠡᠯᠲᠡᠢ ᠬᠥᠮᠥᠨ | ᠠᠮᠠ ᠶᠢ ᠴᠥᠭᠡᠳᠬᠡᠵᠦ ᠬᠠᠮᠲᠤᠷᠠᠯᠴᠠᠨ ᠬᠥᠭᠵᠢᠨ᠎ᠡ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ ᠪᠠᠶᠢᠵᠤ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠶᠢᠨ ᠵᠥᠪᠯᠡᠯ ᠪᠣᠯᠣᠨ ᠱᠠᠨᠰᠢ ᠮᠤᠵᠢ ᠶᠢᠨ ᠠᠷᠠᠳ ᠤᠨ | ᠵᠠᠰᠠᠭ ᠤᠨ ᠣᠷᠳᠣᠨ ᠬᠠᠮᠲᠤᠷᠠᠨ ᠡᠷᠭᠢᠯᠡᠪᠡ᠃ | | | |