ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ | ᠾᠧᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠾᠧᠨᠠᠨ ᠮᠤᠵᠢ ᠶᠢᠨ ᠬᠢᠨ ᠨᠠᠮ ᠤᠨ ᠲᠥᠪ ᠬᠤᠷᠢᠶ᠎ᠠ ᠶᠢᠨ ᠳᠤᠮᠳᠠᠳᠤ | ᠣᠷᠣᠨ ᠢ ᠲᠦᠷᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠠ ᠬᠥᠳᠡᠭᠡ | ᠠᠵᠤ ᠠᠬᠤᠢ ᠶᠢᠨ ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ | ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | | | | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ | ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠣᠶᠤᠨᠴᠢ | ᠦᠢᠯᠡᠳᠪᠦᠷᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠬᠠᠮᠲᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠢᠦ ᠨᠢᠩ ᠪᠣᠯᠣᠨ ᠮᠤᠵᠢ ᠶᠢᠨ | ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠯᠦᠧᠧᠶᠠᠩ᠂ ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ᠃ | | | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ | ᠦᠳᠡ ᠶᠢᠨ ᠬᠤᠶᠢᠨ᠎ᠠ᠂ ᠰᠢ ᠶᠢᠨ ᠫᠢᠩ ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠤᠯᠴᠢᠯᠠᠬᠰᠡᠳ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 19 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ | ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ ᠺᠤᠮᠫᠠᠨᠢ ᠪᠣᠯ ︽ᠠᠩᠬᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ | ᠪᠠᠶᠢᠭᠤᠯᠤᠭᠳᠠᠭᠰᠠᠨ ᠤᠤᠯ ᠤᠨ ᠯᠦᠧᠧᠶᠠᠩ ᠤᠨ ᠬᠤᠯᠬᠤᠪᠴᠢ ᠶᠢᠨ ᠦᠢᠯᠡᠳᠪᠦᠷᠢ ᠪᠣᠯᠣᠨ᠎ᠠ᠃ ᠣᠶᠤᠨᠴᠢ ᠦᠢᠯᠡᠳᠪᠦᠷᠢ ᠳᠤ᠂ ᠰᠢ ᠶᠢᠨ ᠫᠢᠩ ᠠᠵᠤ | ᠠᠬᠤᠶᠢᠯᠠᠯ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ ᠪᠣᠯᠣᠨ | ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠱᠤᠭᠤᠮ ᠤᠨ ᠳᠡᠷᠭᠡᠳᠡ ᠬᠦᠷᠴᠦ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ | ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ᠂ ᠦᠢᠯᠡᠳᠬᠦ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ | ᠲᠤᠯᠭᠠᠭᠤᠷᠢ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ ᠳᠠᠪᠠᠭᠤᠯᠢᠭ ᠵᠦᠢ ᠵᠣᠬᠢᠰᠲᠠᠢ | ᠬᠤᠪᠢ ᠶᠢᠨ ᠵᠢᠩ ᠢ ᠪᠠᠲᠤᠯᠠᠬᠤ ᠬᠡᠷᠡᠭᠲᠡᠢ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ | ᠰᠠᠯᠵᠤ ᠴᠢᠳᠠᠬᠤ ᠦᠭᠡᠢ ᠶᠤᠮ᠂ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠭᠡᠵᠦ ᠬᠡᠯᠡᠪᠡ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ | ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ᠂ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃ | ᠲᠠᠷᠠᠭ᠎ᠠ ᠨᠢ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ ᠰᠦᠮ᠎ᠡ ᠳᠤ ᠬᠦᠷᠴᠦ ᠰᠢᠨᠵᠢᠯᠡᠨ ᠪᠠᠶᠢᠴᠠᠭᠠᠵᠤ᠂ | ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ ᠬᠡᠶᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠴᠠᠭᠠᠨ ᠮᠣᠷᠢᠨ ᠰᠦᠮ᠎ᠡ ᠨᠢ ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ ᠳᠤᠮᠳᠠᠳᠤ | ᠤᠯᠤᠰᠴᠢᠯᠠᠭᠰᠠᠨ ᠠᠬᠢᠴᠠ ᠶᠢ ᠭᠡᠷᠡᠴᠢᠯᠡᠵᠦ ᠪᠤᠢ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠣᠯ | ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠯᠤᠭ᠎ᠠ ᠠᠭᠤᠰᠤᠯᠴᠠᠭᠤᠯᠵᠤ᠂ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | 1500 ᠭᠠᠷᠤᠢ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ ᠰᠣᠶᠣᠯ ᠤᠨ ᠥᠪ ᠪᠣᠯᠣᠨ᠎ᠠ᠃ ᠰᠢ ᠶᠢᠨ ᠫᠢᠩ ᠠᠳᠡ | ᠢᠷᠡᠵᠤ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠣᠨ ᠲᠥᠯᠥᠭᠡᠯᠡᠬᠦ ᠴᠢᠨᠠᠷᠲᠠᠢ ᠠᠭᠤᠢ ᠶᠢᠨ ᠭᠦᠩᠭᠠᠷᠠᠪᠠ᠂ | ᠭᠦᠷᠦᠭ ᠵᠢᠷᠤᠭ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯᠲᠠᠳ ᠲᠠᠢ | ᠳᠣᠲᠣᠨᠣ ᠪᠠᠷ ᠶᠠᠷᠢᠯᠴᠠᠪᠠ᠃ ᠲᠡᠷᠡ᠂ ᠡᠳᠡᠭᠡᠷ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ | ᠵᠠᠯᠭᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠢᠭᠤᠯᠴᠢᠯᠠᠬᠰᠠᠳ ᠶᠡᠷᠦᠩᠬᠡᠢ ᠱᠦᠵᠢ ᠶᠢ ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ ᠱᠦᠵᠢ ᠲᠠᠢ | ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ ᠪᠢᠴᠢᠬᠠᠨ ᠨᠠᠶᠢᠵᠠ ᠨᠠᠷ ᠢ ᠲᠤᠬᠠᠢ ᠶᠢᠨ ᠭᠠᠵᠠᠷ ᠲᠤᠨᠢ ᠢᠯᠡᠭᠦᠬᠡᠨ | ᠣᠴᠢᠵᠤ ᠳᠤᠮᠳᠠᠳᠤ ᠶᠢᠨ ᠰᠣᠶᠣᠯ ᠢ ᠡᠷᠢᠯᠬᠢᠯᠡᠵᠦ᠂ ᠬᠠᠷᠠᠬᠠᠨ ᠪᠠᠭ᠎ᠠ ᠠᠴᠠ ᠪᠠᠨ ᠰᠣᠶᠣᠯ ᠤᠨ ᠢᠲᠡᠭᠡᠯ ᠢ ᠪᠤᠢ ᠪᠤᠯᠭᠠᠬᠤ ᠶᠢ ᠣᠨᠴᠠᠭᠠᠶᠢᠯᠠᠨ ᠵᠣᠷᠢᠭᠵᠢᠭᠤᠯᠪᠠ᠃ | ᠲᠡᠷᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠷᠡᠭᠡᠳᠦᠢ ᠭᠡᠭᠡᠨ ᠰᠠᠷᠠᠭᠤᠯ ᠶᠤᠮ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠦᠨᠡᠨ ᠬᠦ ᠲᠤᠯᠭᠠᠭᠤᠷᠢ ᠠᠵᠤ ᠦᠢᠯᠡᠰ᠂ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ | ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | 20 ᠤ ᠦᠳᠡ ᠶᠢᠨ ᠡᠮᠦᠨ᠎ᠡ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠾᠧᠨᠠᠨ ᠤ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ | ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ | ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ | ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ | ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠬᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠾᠧᠨᠠᠨ | ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠢ | ᠬᠥᠭᠵᠢᠯᠲᠡ ᠳᠠᠬᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠳᠠᠶᠢᠴᠢᠯᠠᠨ᠂ ᠬᠤᠲᠠ ᠬᠥᠳᠡᠭᠡ ᠶᠢᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ | ᠭᠦᠨᠵᠡᠭᠡᠶᠢᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ᠂ ᠬᠥᠮᠥᠨ ᠠᠮᠠ ᠶᠢᠨ ᠨᠢᠭᠲᠠᠴᠠ᠂ ᠬᠥᠮᠥᠨ ᠠᠮᠠ ᠶᠢᠨ ᠨᠡᠭᠦᠳᠡᠯ ᠤᠨ ᠬᠡᠮᠵᠢᠶ᠎ᠡ ᠪᠦᠷ | ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠤᠯᠠᠨ ᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ | ᠪᠠᠲᠤᠲᠠᠢ ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ | ᠲᠣᠭᠲᠠᠴᠠ ᠶᠢ ᠪᠦᠷᠢᠨᠰᠢᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ | ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ ᠤᠯᠠᠨ ᠲᠦᠮᠡᠨ ᠢ | ᠨᠡᠩ ᠰᠠᠶᠢᠲᠤᠷ ᠨᠢᠭᠲᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ | ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠤ᠂ ᠡᠬᠢ ᠪᠠᠶᠠᠯᠢᠭ᠂ | ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠡᠴᠦᠰ ᠲᠤᠨᠢ ᠲᠤᠯᠲᠠᠯ᠎ᠠ | ᠬᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠵᠠᠰᠠᠯᠲᠠ ᠳᠠᠬᠢ ᠬᠠᠤᠯᠢ ᠪᠠᠷ ᠵᠠᠰᠠᠬᠤ ᠶᠢᠨ ᠵᠢᠷᠤᠮᠵᠢᠯ ᠪᠠ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠦᠨᠡᠨᠴᠢ ᠢᠲᠡᠭᠡᠮᠵᠢᠲᠡᠢ ᠪᠠᠶᠢᠬᠤ ᠦᠷᠳᠡᠭ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ ᠠᠬᠤᠶᠢᠯᠠᠯ ᠤᠨ | ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ᠂ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ | ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠵᠠᠰᠠᠯᠲᠠ ᠶᠢ | ᠠᠬᠢᠭᠤᠯᠬᠤ ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ ᠤᠯᠠᠨ ᠲᠦᠮᠡᠨ ᠤ ᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠠᠳᠠᠯᠢ ᠪᠤᠰᠤ | ᠨᠡᠶᠢᠭᠡᠮ ᠤᠨ ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ | ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠵᠣᠷᠢᠭᠲᠠᠢ ᠪᠠᠷ ᠠᠵᠢᠯ ᠬᠢᠵᠦ᠂ ᠢᠲᠡᠭᠡᠯ | ᠬᠦᠨᠳᠦ ᠲᠠᠢ ᠪᠤᠯᠬᠤ ᠶᠢ ᠳᠡᠮᠵᠢᠵᠦ᠂ ᠣᠯᠠᠨ ᠲᠦᠮᠡᠨ ᠤ ᠥᠪᠡᠷ ᠤᠨ ᠬᠦᠴᠦᠨ ᠳᠡᠭᠡᠨ ᠲᠦᠰᠢᠭᠯᠡᠨ ᠨᠡᠶᠢᠭᠡᠮ ᠤᠨ ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ | ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ ᠠᠵᠢᠯᠯᠠᠭ᠎ᠠ ᠮᠥᠨ᠂ ᠰᠢᠨ᠎ᠡ ᠴᠠᠭ ᠦᠶ᠎ᠡ ᠶᠢᠨ | ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠃ | ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ | ᠬᠤᠪᠢ ᠬᠥᠮᠥᠨ ᠤ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠲᠠᠢ | ᠨᠢᠭᠲᠠ ᠤᠶᠠᠯᠳᠤᠭᠤᠯᠵᠤ᠂ ᠣᠪᠣᠷ ᠰᠤᠷᠲᠠᠯ ᠤᠨ ᠴᠢᠩᠭ᠎ᠠ ᠱᠠᠭᠠᠷᠳᠠᠯᠭ᠎ᠠ ᠶᠢ ᠦᠨᠡᠨ ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠶᠣᠰᠣ | ᠳᠦᠷᠢᠮ ᠢ ᠪᠤᠢ ᠪᠤᠯᠭᠠᠵᠤ᠂ ᠰᠤᠷᠤᠯᠴᠠᠪᠠᠯ ᠴᠢᠨᠠᠷ ᠰᠠᠶᠢᠲᠠᠢ᠂ ᠪᠠᠶᠢᠴᠠᠭᠠᠪᠠᠯ ᠡᠷᠴᠢᠮ ᠲᠠᠢ᠂ ᠰᠠᠶᠢᠵᠢᠷᠠᠭᠤᠯᠪᠠᠯ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠬᠤ | ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ | ᠭᠤᠣᠯᠳᠠᠯᠭ᠎ᠠ ᠪᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠠᠷᠢᠯᠢᠭ ᠣᠨᠣᠴᠠᠲᠠᠢ ᠵᠢᠯᠤᠭᠤᠳᠴᠤ᠂ ᠡᠷᠬᠡᠪᠰᠢ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠡᠭᠦᠰᠴᠦ᠂ ᠵᠠᠷᠢᠮ ᠨᠢ ᠪᠠᠰᠠ | ᠦᠷᠭᠦᠯᠵᠢᠯᠡᠵᠦ ᠪᠤᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠨ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠲᠤ ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠭᠠᠩ ᠪᠠᠶᠢᠪᠠᠯ ᠤᠰᠤᠲᠤᠯ | ᠪᠠᠶᠢᠵᠤ ᠮᠡᠳᠡᠨ᠎ᠡ᠂ ᠭᠠᠩᠳᠠᠯ ᠠᠴᠠ ᠤᠰᠤᠳᠤᠯ ᠪᠣᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠶᠡᠷ ᠤᠨ ᠬᠤᠭᠤᠴᠠᠭ᠎ᠠ ᠨᠢᠭᠡᠨᠲᠡ ᠬᠦᠷᠴᠦ ᠢᠷᠡᠪᠡ᠂ | ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ᠂ ᠪᠡᠯᠡᠳᠬᠡᠯ ᠲᠥᠰᠥᠯ ᠭᠦᠢᠴᠡᠳ᠂ | ᠠᠷᠭᠠᠴᠠᠭᠠᠬᠤ ᠳᠠᠭᠠᠨ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ | ᠭᠠᠮᠰᠢᠭ ᠠᠮᠠᠷᠬᠠᠨ ᠡᠭᠦᠰᠬᠦ ᠭᠠᠵᠠᠷ ᠣᠷᠣᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ | ᠪᠣᠯᠵᠤ ᠰᠢᠨᠵᠢᠯᠡᠨ ᠪᠠᠶᠢᠴᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ | ᠲᠥᠪ ᠤᠨ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | | |