ᠥᠪᠡᠷᠲᠡᠭᠡᠨ ᠵᠠᠰᠠᠬᠤ ᠣᠷᠣᠨ ᠤ ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠤ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ | ᠬᠤᠷᠠᠯ ᠬᠢᠭᠡᠳ ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠨᠢ ᠬᠥᠬᠡᠬᠤᠲᠠ ᠳᠤ ︽ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ | ᠲᠤᠰᠠᠯᠠᠵᠤ ᠬᠦᠴᠦ ᠪᠠᠨ ᠬᠠᠮᠲᠤᠳᠬᠠᠨ ᠬᠠᠮᠲᠤ ᠪᠠᠷ ᠤᠷᠤᠭᠰᠢᠯᠠᠬᠤ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠬᠠᠮᠲᠤᠷᠠᠨ ᠡᠷᠭᠢᠯᠡᠪᠡ᠃ ᠬᠤᠷᠠᠯ ᠢᠶᠠᠷ ︽ᠪᠠᠩᠬᠢ ᠶᠢᠨ ᠦᠢᠯᠡᠰ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠠᠴᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠭᠠᠴᠢᠯᠠᠭ᠎ᠠ ᠶᠢᠨ | ᠪᠢᠴᠢᠭ︾ ᠢ ᠨᠡᠶᠢᠲᠡᠯᠡᠨ ᠤᠩᠰᠢᠪᠠ᠃ ᠢᠯᠢ ᠪᠦᠯᠦᠭᠯᠡᠯ ᠠᠵᠤ ᠠᠬᠤᠶᠢᠯᠠᠯ ᠢ ᠲᠥᠯᠥᠭᠡᠯᠡᠨ ᠦᠭᠡ ᠶᠠᠷᠢᠵᠤ᠂ ᠪᠦᠬᠦ ᠣᠷᠣᠨ ᠤ ᠮᠥᠩᠭᠦᠨ ᠭᠦᠢᠯᠭᠡᠭᠡᠨ ᠤ 25 | ᠪᠠᠶᠢᠭᠤᠯᠤᠮᠵᠢ ᠬᠢᠭᠡᠳ ᠠᠷᠠᠳ ᠠᠴᠠ ᠡᠵᠡᠩᠨᠡᠭᠰᠡᠨ ᠬᠡᠰᠡᠭ ᠠᠵᠤ ᠠᠬᠤᠶᠢᠯᠠᠯ ᠵᠢᠴᠢ ᠬᠤᠳᠠᠯᠳᠤᠭᠠᠴᠢᠨ ᠤ ᠡᠪᠯᠡᠯ ᠵᠢᠴᠢ ᠨᠡᠶᠢᠭᠡᠮᠯᠢᠭ ᠤᠨ ᠬᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠨᠣᠭᠤᠭᠠᠨ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠳ᠋ᠢᠭᠢᠲ ᠮᠥᠩᠭᠦᠨ | ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠲᠣᠭᠤᠷᠢᠨ ᠳᠤ ᠪᠡᠯᠡ ᠲᠣᠬᠢᠷᠠᠭᠤᠯᠬᠤ ᠲᠤᠬᠠᠢ ᠬᠡᠯᠡᠯᠴᠡᠭᠡ ᠬᠢᠵᠡᠢ᠃ ᠲᠤᠬᠠᠢ ᠶᠢᠨ | ᠲᠠᠯᠠᠪᠤᠷ ᠲᠤ ᠵᠥᠪᠯᠡᠯᠴᠡᠭᠡᠷ ᠢᠶᠠᠷ ᠲᠣᠬᠢᠷᠠᠯᠴᠠᠭᠰᠠᠨ ᠵᠢᠭᠡᠯᠡᠯᠭᠡ ᠶᠢᠨ ᠬᠡᠷᠡᠭᠴᠡᠭᠡ ᠨᠡᠶᠢᠲᠡ 106 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠪᠠ᠃ | | | |